ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2025/2/11
ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ ︵2025 ᠣᠨ ᠤ 2 ᠰᠠᠷ᠎ᠠ ᠶᠢᠨ 8 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠠᠴᠠ ᠪᠠᠲᠤᠯᠠᠪᠠ︶   ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠠ ᠬᠤᠷᠠᠯ 2025 ᠣᠨ ᠤ 2 ᠰᠠᠷ᠎ᠠ ᠶᠢᠨ 8 ᠤ ᠡᠳᠦᠷ ᠬᠤᠷᠠᠯᠳᠤᠪᠠ᠃ ᠡᠨᠡ ᠤᠳᠠᠭᠠᠨ ᠤ ᠪᠥᠬᠦᠳᠡ ᠬᠤᠷᠠᠯ ᠳᠤ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ 15 ᠬᠥᠮᠦᠨ ᠣᠷᠣᠯᠴᠠᠪᠠ᠃     ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠪᠦᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠪᠦᠬᠦᠳᠡ ᠬᠤᠷᠠᠯ ᠢ ᠬᠠᠶᠢᠷᠤᠪ ᠤᠨ ᠲᠤᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠪᠡ᠃ ᠪᠦᠬᠦᠳᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 2024 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠡᠷᠭᠢᠴᠡᠭᠦᠯᠵᠦ᠂ 2025 ᠣᠨ ᠤ ᠡᠭᠦᠷᠭᠡ ᠶᠢ ᠪᠠᠶᠢᠷᠢᠯᠠᠭᠤᠯᠵᠤ᠂ ᠭᠧ ᠳ᠋ᠦᠩ ᠮᠧᠢ ᠨᠥᠬᠦᠷ ᠤᠨ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠪᠦᠬᠦ ᠲᠠᠯ᠎ᠠ ᠪᠠᠷ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠰᠢᠨ᠎ᠡ ᠬᠠᠭᠤᠳᠠᠰᠤ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃     ᠪᠦᠬᠦᠳᠠ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠯᠢ ᠰᠢ ᠨᠥᠬᠦᠷ ᠤᠨ ᠬᠢᠭᠰᠡᠨ ᠠᠵᠢᠯ ᠤᠨ ᠢᠯᠡᠳᠬᠡᠯ ᠢ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠣᠶᠢᠯᠠᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠲᠠᠯᠪᠢᠭᠰᠠᠨ ᠴᠢᠬᠤᠯᠠ ᠶᠠᠷᠢᠶ᠎ᠠ ᠨᠢ ᠣᠳᠣᠬᠠᠨ ᠤ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠢ ᠵᠠᠳᠠᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠨ ᠥᠭᠴᠦ᠂ ᠴᠢᠬᠤᠯᠠ ᠵᠢᠷᠤᠮᠯᠠᠯ ᠬᠠᠩᠭᠠᠨ᠎ᠠ ᠭᠡᠵᠦ ᠰᠠᠨᠠᠯ ᠨᠢᠭᠡᠲᠡᠢ ᠦᠵᠡᠪᠡ᠃ ᠯᠢ ᠰᠢ ᠨᠥᠬᠦᠷ ᠤᠨ ᠬᠢᠭᠰᠡᠨ ᠠᠵᠢᠯ ᠤᠨ ᠢᠯᠡᠳᠭᠡᠯ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠠᠵᠢᠯ ᠤᠨ ᠮᠡᠳᠡᠭᠦᠯᠦᠯᠲᠡ ᠪᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠮᠡᠳᠡᠬᠦᠯᠦᠯᠳᠡ ᠨᠢ ᠡᠨᠡ ᠵᠢᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠳᠤ ᠠᠵᠢᠯ ᠤᠨ ᠵᠢᠯᠣᠭᠤᠳᠣᠯᠭ᠎ᠠ ᠬᠠᠩᠭᠠᠪᠠ᠃ ᠭᠦᠸᠧ ᠢ ᠵᠢᠶᠧ ᠨᠥᠬᠦᠷ ᠤᠨ ᠶᠠᠷᠢᠶ᠎ᠠ ᠨᠢ ᠮᠠᠨ ᠤ ᠲᠤᠭᠤᠷᠢᠭ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠠᠵᠢᠯ ᠳᠤ ᠲᠤᠬᠢᠷᠠᠭᠤᠯᠤᠯᠳᠠ ᠬᠢᠪᠡ᠃ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃     ᠪᠦᠬᠦᠳᠡ ᠬᠤᠷᠠᠯ ᠠᠴᠠ᠂ 2024 ᠤᠨ ᠳᠤ᠂ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠵᠤ ᠨᠠᠷᠢᠯᠢᠭ ᠣᠨᠣᠴᠠᠲᠠᠢ ᠪᠠᠶᠢᠩᠭᠤᠵᠢᠭᠤᠯᠬᠤ ᠶᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠬᠠᠰᠢᠯᠭ᠎ᠠ ᠶᠢ ᠪᠠᠬᠢᠵᠢᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠦᠴᠦᠲᠡᠢ ᠪᠦᠲᠦᠮᠵᠢᠲᠡᠢ ᠠᠬᠢᠭᠤᠯᠵᠤ᠂ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠰᠢᠨ᠎ᠡ ᠦᠷ᠎ᠡ ᠪᠦᠲᠦᠮᠵᠢ ᠤᠯᠪᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠪᠣᠳᠠᠲᠠᠶ ᠪᠠᠷ ᠵᠠᠳᠠᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭᠠᠶ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃   ᠪᠥᠬᠦᠳᠡ ᠬᠤᠷᠠᠯ ᠠᠴᠠ᠂ 2025 ᠣᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠡᠷᠡᠰ ᠭᠤᠶᠢᠪᠢᠰᠢ ᠥᠬᠡᠶ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠪᠠᠷᠢᠮᠲᠠᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠮᠠᠨ ᠤ ᠲᠤᠭᠤᠷᠢᠭ ᠤᠨ ︽ᠰᠢᠨ᠎ᠡ ᠵᠠᠮ ᠢᠶᠠᠷ ᠤᠷᠤᠭᠰᠢᠯᠠᠵᠤ ᠳᠤᠮᠳᠠ ᠲᠦᠪᠰᠢᠨ ᠳᠤ ᠤᠷᠤᠬᠤ︾ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠳᠤᠷᠠᠳᠪᠠ᠃     ᠨᠢᠭᠡᠳᠦᠭᠡᠷ ᠲᠤ᠂ ᠪᠣᠳᠠᠲᠠᠶᠢᠵᠢᠭᠤᠯᠬᠤ᠂ ᠣᠨᠣᠪᠴᠢᠵᠢᠭᠤᠯᠬᠤ᠂ ᠪᠠᠶᠢᠩᠭᠤᠵᠢᠭᠤᠯᠬᠤ ᠶᠢ ᠪᠡᠶᠡᠯᠡᠭᠦᠯᠬᠦ ᠶᠢᠨ ᠲᠣᠭᠤᠷᠢᠨ ᠳᠤ᠂ ᠤᠯᠤᠰ ᠲᠦᠷᠦ ᠶᠢᠨ ᠬᠢᠨᠠᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠦᠬᠠᠢ ᠬᠤᠳᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠦᠬᠦᠳᠡ ᠬᠤᠷᠠᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠲᠠᠪᠤᠨ ᠶᠡᠭᠡ ᠡᠭᠦᠷᠭᠡ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾᠂ ᠦᠬᠠᠢ ᠬᠤᠳᠠ ᠶᠢᠨ ᠨᠠᠮ ᠤᠨ ᠬᠤᠷᠢᠶ᠎ᠠ ᠶᠢᠨ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠪᠣᠯᠣᠨ ᠲᠣᠭᠤᠷᠢᠭ ᠤᠨ ᠨᠠᠮ ᠤᠨ ᠬᠤᠷᠢᠶ᠎ᠠ ᠶᠢᠨ ᠲᠣᠭᠲᠠᠭᠠᠭᠰᠠᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠬᠢᠨᠠᠯᠲᠠ ᠶᠢᠨ ᠭᠠᠷᠳᠠᠬᠤ ᠴᠡᠭ ᠢ ᠣᠨᠣᠪᠴᠢᠲᠠᠢ ᠡᠷᠢᠵᠦ ᠣᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠲᠥᠷᠥᠯ ᠤᠨ ᠬᠢᠨᠠᠯᠲᠠ ᠲᠠᠯᠪᠢᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠪᠠ ︽ᠨᠢᠭᠡ ᠵᠤᠷᠪᠤᠰ ᠱᠤᠭᠤᠮ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠭᠦᠢᠴᠡᠳ ᠠᠰᠢᠭᠯᠠᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ ᠲᠦᠢᠯᠪᠤᠷᠢᠲᠠᠢ ᠪᠢᠰᠢ ᠠᠰᠠᠭᠤᠳᠠᠯ ᠢ ᠴᠢᠩᠭ᠎ᠠ ᠰᠢᠢᠳᠪᠦᠷᠢᠯᠡᠨ᠎ᠡ᠃     ᠬᠤᠶᠠᠳᠤᠭᠠᠷ ᠲᠤ᠂ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠥᠭᠵᠢᠭᠡᠬᠦ ᠶᠢᠨ ᠲᠣᠭᠤᠷᠢᠨ ᠳᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠯ᠂ ᠪᠠᠲᠤᠯᠠᠭ᠎ᠠ ᠶᠢᠨ ᠤᠷᠮᠠᠰᠢᠭᠤᠯᠬᠤ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠵᠤ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢ ᠴᠢᠩᠭᠠᠳᠬᠠᠵᠤ᠂ ᠰᠠᠬᠢᠯᠭ᠎ᠠ ᠪᠠᠲᠤ ᠶᠢᠨ ᠬᠠᠳᠠᠨ ᠴᠢᠨᠠᠷ᠂ ᠲᠥᠪ ᠴᠢᠩᠭ᠎ᠠ ᠴᠢᠨᠠᠷ ᠢ ᠬᠠᠮᠠᠭᠠᠯᠠᠨ᠎ᠠ᠃ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠣᠨᠣᠪᠴᠢᠲᠠᠢ ᠬᠡᠷᠡᠭᠯᠡᠵᠦ᠂ ᠠᠯᠳᠠᠭ᠎ᠠ ᠪᠤᠷᠤᠭᠤ ᠶᠢ ᠵᠣᠷᠢᠭᠲᠠᠢ ᠪᠠᠷ ᠪᠠᠭᠲᠠᠭᠠᠵᠤ᠂ ᠵᠣᠷᠢᠭᠲᠠᠢ ᠪᠠᠷ ᠠᠯᠳᠠᠭ᠎ᠠ ᠪᠤᠷᠤᠭᠤ ᠶᠢ ᠵᠠᠯᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠨ ᠰᠠᠶᠢᠲᠤᠷ ᠬᠠᠮᠠᠭᠠᠯᠠᠬᠤ ᠬᠡᠷᠡᠭᠲᠡᠢ᠃     ᠭᠤᠷᠪᠠᠳᠤᠭᠠᠷ ᠲᠤ᠂ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠴᠣᠭᠴᠠ ᠶᠢᠨ ᠳᠠᠶᠢᠯᠠᠯᠳᠤᠭᠠᠨ ᠲᠠᠢ ᠤᠶᠠᠯᠳᠤᠭᠤᠯᠤᠨ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠭᠦᠨᠵᠡᠭᠡᠢ ᠠᠬᠢᠭᠤᠯᠪᠠ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ᠂ ᠠᠯᠪᠠᠨ ᠤ ᠵᠣᠭᠤᠰ ᠢᠶᠠᠷ ᠵᠢᠭᠤᠯᠴᠢᠯᠠᠭᠰᠠᠨ᠂ ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠭᠥᠯᠢᠶᠡᠨ ᠠᠪᠤᠭᠰᠠᠨ ᠵᠡᠷᠭᠡ ᠠᠰᠠᠭᠤᠳᠠᠯ ᠢ ᠲᠦᠢᠯᠪᠤᠷᠢᠲᠠᠢ ᠪᠠᠶᠢᠴᠠᠭᠠᠨ ᠴᠢᠩᠭ᠎ᠠ ᠰᠢᠳᠬᠡᠵᠦ᠂ ᠲᠥᠪ ᠪᠤᠰᠤ ᠰᠤᠷᠲᠠᠯ ᠤᠨ ᠠᠷᠤ ᠳᠠᠬᠢ ᠨᠠᠶᠢᠳᠠᠨ ᠬᠠᠮᠢᠶᠠᠷᠤᠭᠤᠯᠬᠤ᠂ ᠠᠰᠢᠭ ᠲᠤᠰᠠ ᠳᠠᠮᠵᠢᠭᠤᠯᠤᠨ ᠬᠦᠷᠭᠡᠬᠦ ᠵᠡᠷᠭᠡ ᠢᠯᠵᠠᠷᠠᠯ ᠤᠨ ᠠᠰᠠᠭᠤᠳᠠᠯ ᠢ ᠬᠦᠴᠦᠯᠡᠨ ᠢᠯᠡᠷᠡᠭᠦᠯᠬᠦ ᠬᠡᠷᠡᠭᠲᠡᠢ᠃ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠵᠡᠷᠭᠡ ᠪᠠᠷ ᠪᠠᠶᠢᠴᠠᠭᠠᠵᠤ ᠵᠡᠷᠭᠡ ᠪᠠᠷ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ︽ᠪᠠᠶᠢᠴᠠᠭᠠᠬᠤ︾᠂ ︽ᠵᠠᠰᠠᠬᠤ︾ ᠪᠠᠷ ᠰᠤᠷᠲᠠᠯ ᠤᠨ ᠢᠯᠵᠠᠷᠠᠯ ᠤᠨ ᠬᠤᠪᠢᠰᠤᠯᠲᠠ ᠶᠢ ᠨᠡᠪᠲᠡᠷᠡᠭᠦᠯᠦᠨ ᠬᠤᠷᠢᠭᠯᠠᠬᠤ ᠬᠡᠷᠡᠭᠲᠡᠢ᠃ ᠢᠯᠵᠠᠷᠡᠯ ᠢ ᠨᠢᠭᠡ ᠮᠥᠴᠡ ᠴᠦ ᠵᠣᠭᠰᠣᠯ ᠥᠬᠡᠶ ᠴᠢᠩᠭ᠎ᠠ ᠰᠢᠳᠬᠡᠵᠦ᠂ ᠮᠥᠩᠭᠦᠨ  ᠭᠦᠢᠯᠭᠡᠭᠡᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠭᠠᠯ ᠤᠨᠲᠠᠷᠠᠭᠠᠬᠤ᠂ ᠡᠮ ᠡᠮᠨᠡᠯᠭᠡ᠂ ᠨᠡᠭᠡᠭᠡᠯᠲᠡ ᠶᠢᠨ ᠣᠷᠣᠨ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠰᠢᠰᠲ᠋ᠧᠮ ᠲᠠᠢ ᠪᠠᠷ ᠴᠡᠭᠴᠡᠯᠡᠨ ᠵᠠᠰᠠᠬᠤ ᠠᠵᠢᠯ ᠢ ᠭᠤᠤᠯᠳᠠᠯᠭ᠎ᠠ ᠲᠠᠢ ᠥᠷᠨᠢᠭᠦᠯᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠲᠣᠭᠲᠠᠭᠠᠯ ᠠᠴᠠ ᠵᠥᠷᠢᠴᠡᠨ ᠰᠢᠢᠤᠡᠪᠤᠷᠢᠳᠤ ᠪᠣᠳᠣᠯᠭ᠎ᠠ ᠲᠣᠭᠲᠠᠭᠠᠭᠰᠠᠨ ᠠᠴᠠ ᠪᠣᠯᠵᠣ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠠᠰᠠᠭᠤᠳᠠᠯ ᠢ ᠴᠢᠩᠭ᠎ᠠ ᠠᠩᠬᠠᠷᠴᠤ᠂ ᠬᠦᠴᠦᠯᠡᠨ ᠠᠳᠬᠤᠵᠤ᠂ ᠭᠦᠨᠵᠡᠭᠡᠶ ᠪᠠᠶᠢᠴᠠᠭᠠᠪᠠ᠃ ᠬᠡᠭᠡᠯᠢ ᠢᠳᠡᠵᠤ ᠬᠠᠭ᠋ᠤᠤᠯᠢ ᠲᠦᠯᠬᠢᠬᠦ ᠶᠢ ᠬᠠᠮᠳᠤ ᠪᠠᠷ ᠪᠠᠶᠢᠴᠠᠭᠠᠬᠤ ᠶᠢ ᠬᠦᠨᠵᠡᠬᠡᠶᠢᠷᠡᠬᠦᠯᠵᠤ᠂ ᠲᠤᠮᠤ ᠳ᠋ᠠᠶᠢᠲ᠋ᠠ ᠶᠢᠨ ᠡᠨᠧᠷᠬᠢ ᠣᠯᠭᠤᠬᠤ ᠶᠢ ᠲᠤᠪᠤᠶᠢᠯᠭᠠᠨ᠂ ᠢᠯᠵᠠᠷᠠᠯ ᠢ ᠰᠡᠷᠬᠡᠶᠢᠯᠡᠬᠦ ᠪᠠ ᠶᠠᠯᠠᠯᠠᠨ ᠰᠢᠢᠳᠭᠡᠬᠦ ᠶᠡᠷᠤᠩᠬᠡᠶᠢᠯᠡᠭᠰᠡᠨ ᠦᠷ᠎ᠡ ᠪᠦᠳᠤᠮᠵᠢ ᠶᠢ ᠲᠡᠭᠡᠭᠰᠢᠯᠡᠬᠦᠯᠤᠨ᠎ᠠ᠃   ᠳᠥᠷᠪᠡᠳᠦᠭᠡᠷ ᠲᠤ᠂ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠵᠤᠵᠠᠭᠠᠳᠬᠠᠬᠤ ᠶᠢᠨ ᠲᠣᠭᠤᠷᠢᠨ ᠳᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ᠰᠤᠷᠭᠠᠭᠤᠯᠢ ᠶᠢᠨ ᠬᠦᠷᠢᠶᠡᠨ ᠤ ᠬᠤᠭᠤᠯᠠ︾᠂ ᠬᠥᠳᠡᠭᠡ ᠲᠣᠰᠬᠤᠨ ᠤ ᠬᠠᠮᠲᠤ ᠶᠢᠨ ︽ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠬᠢᠨᠠᠯᠲᠠ ᠬᠠᠮᠢᠶᠠᠷᠤᠯᠲᠠ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠲᠠᠯ᠎ᠠ ᠶᠢᠨ ᠲᠤᠪᠤᠶᠢᠮ᠎ᠠ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠤᠨ ᠰᠠᠮᠠᠭᠤᠨ ᠦᠵᠡᠭᠳᠡᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠪᠦᠬᠦ ᠬᠦᠴᠦᠨ ᠢᠶᠠᠷ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ︽ᠬᠠᠮᠠᠭᠠᠯᠠᠭᠴᠢ ᠰᠢᠬᠦᠷ︾ ᠲᠤ ᠴᠣᠬᠢᠯᠲᠠ ᠥᠭᠴᠦ ᠬᠠᠷᠢᠴᠠᠭᠠᠨ ᠤ ᠲᠤᠤᠷ ᠢ ᠡᠪᠳᠡᠬᠦ︾ ᠶᠢ ᠪᠠᠶᠢᠩᠭᠤᠵᠢᠭᠤᠯᠤᠨ ᠠᠬᠢᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠴᠤ᠂ ᠣᠷᠣᠨ ᠰᠠᠭᠤᠴᠠ ᠶᠢᠨ ︽ᠭᠤᠷᠪᠠᠨ ᠬᠦᠴᠢᠷ︾ ᠵᠡᠷᠭᠡ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠱᠠᠯᠠᠪᠳᠠᠭᠤᠯᠤᠨ ᠠᠬᠢᠭᠤᠯᠵᠤ᠂ ᠤᠯᠠᠨ ᠲᠦᠮᠡᠨ ᠤ ᠬᠠᠨᠤᠮᠵᠢᠲᠠᠢ ᠠᠷᠠᠳ ᠤᠨ ᠠᠮᠢᠳᠤᠷᠠᠯ ᠤᠨ ᠨᠢᠭᠡ ᠪᠦᠯᠦᠭ ᠪᠣᠳᠠᠲᠤ ᠶᠠᠪᠤᠳᠠᠯ ᠢ ᠰᠠᠶᠢᠲᠤᠷ ᠬᠢᠬᠦ ᠶᠢ ᠠᠬᠢᠭᠤᠯᠬᠤ ᠬᠡᠷᠡᠭᠲᠡᠢ᠃     ᠲᠠᠪᠤᠳᠤᠭᠠᠷ ᠲᠤ᠂ ᠰᠦᠷᠳᠡᠭᠦᠯᠬᠦ ᠬᠦᠴᠦᠨ᠂ ᠨᠡᠪᠲᠡᠯᠬᠦ ᠬᠦᠴᠦᠨ᠂ ᠬᠥᠳᠡᠯᠭᠡᠬᠦ ᠬᠦᠴᠦᠨ ᠤ ᠲᠣᠭᠤᠷᠢᠨ ᠳᠤ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠶᠠᠷ ᠡᠭᠡᠯᠵᠢ ᠶᠢᠨ ᠡᠩ ᠤᠨ ᠴᠠᠭᠳᠠᠨ ᠪᠠᠶᠢᠴᠠᠭᠠᠯᠲᠠ ᠶᠢ ᠥᠷᠨᠢᠭᠦᠯᠵᠦ᠂ ᠴᠠᠭᠳᠠᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠪᠠ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠪᠠ ᠪᠤᠰᠤᠳ ᠬᠢᠨᠠᠯᠲᠠ ᠲᠠᠯᠪᠢᠵᠤ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃     ᠵᠢᠷᠭᠤᠳᠤᠭᠠᠷ ᠲᠤ᠂ ᠬᠠᠷᠢᠭᠤᠴᠠᠯᠭ᠎ᠠ ᠶᠢ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠬᠤ᠂ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠵᠦ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠲᠣᠭᠤᠷᠢᠨ ᠳᠤ ᠦᠨᠳᠦᠰᠦᠨ ᠱᠠᠲᠤᠨ ᠤ ᠬᠢᠨᠠᠯᠲᠠ ᠶᠢ ᠦᠷᠭᠦᠯᠵᠢᠯᠡᠨ ᠭᠦᠨᠵᠡᠭᠡᠢ ᠪᠣᠳᠠᠲᠠᠢ ᠬᠢᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ ︽ᠨᠢᠭᠡᠳᠦᠭᠡᠷ ᠭᠠᠷ︾ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ᠂ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠭᠦᠨᠵᠡᠭᠡᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠲᠠᠯᠪᠢᠬᠤ ᠲᠤᠰᠬᠠᠶ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠯᠲᠠ ᠲᠠᠯᠪᠢᠬᠤ ᠶᠢ ᠣᠷᠣᠯᠠᠭᠤᠯᠬᠤ ᠦᠭᠡᠢ᠂ ᠪᠣᠳᠠᠲᠠᠶᠢᠵᠢᠭᠤᠯᠬᠤ ᠥᠬᠡᠶ ᠪᠠᠶᠢᠬᠤ ᠶᠢ ᠪᠡᠶᠡᠯᠡᠭᠦᠯᠪᠡ᠃      ᠳᠣᠯᠣᠳᠤᠭᠠᠷ ᠲᠤ᠂ ᠳᠦᠷᠢᠮᠵᠢᠭᠰᠡᠨ᠂ ᠬᠠᠤᠯᠢᠵᠢᠭᠰᠠᠨ᠂ ᠵᠢᠩᠬᠢᠨᠢᠴᠢᠯᠡᠭᠰᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠦᠷᠭᠦᠯᠵᠢᠯᠡᠨ ᠳᠠᠪᠲᠠᠨ ᠪᠣᠯᠪᠠᠰᠤᠷᠠᠭᠤᠯᠪᠠ᠃ ᠤᠯᠤᠰ ᠲᠦᠷᠦ ᠶᠢᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠴᠢᠳᠠᠪᠤᠷᠢ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠠᠷᠢᠭᠤᠨ ᠴᠢᠬᠡᠴᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠷᠤᠮᠵᠢᠭᠰᠠᠨ ᠬᠠᠤᠯᠢᠵᠢᠭᠰᠠᠨ ᠵᠢᠩᠬᠢᠨᠢᠴᠢᠯᠡᠬᠦ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠦᠨ᠎ᠡ᠃        ᠪᠦᠬᠦᠳᠡ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠤᠷᠢᠶᠠᠯᠠᠪᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号