ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠶ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠦᠵᠦᠮ᠂ ᠢᠳᠡᠰᠢᠨ ᠨᠣᠭᠤᠭ᠎ᠠ ᠶᠢᠨ ᠠᠵᠤ | ᠤᠶᠢᠯᠡᠰ ᠤᠨ ᠲᠠᠷᠢᠮᠠᠯ ᠤᠨ ᠬᠥᠭᠵᠢᠯᠲᠡ ᠵᠢᠴᠢ ᠦᠵᠦᠮ ᠤᠨ ᠬᠦᠷᠢᠶᠡᠯᠡᠩ ᠤᠨ ᠨᠣᠭᠤᠭᠠᠨ ᠵᠠᠮ ᠤᠨ ᠠᠵᠢᠯᠯᠠᠭᠠᠨ ᠤ | ᠬᠠᠮᠢᠶᠠᠷᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠱᠠᠲᠤᠨ ᠤ ᠤᠳᠤᠷᠢᠳᠤᠯᠭ᠎ᠠ ᠪᠠᠢ ᡁᠢ | ᠯᠦᠩ᠂ ᠭᠤᠤ ᠸᠧᠨ ᠵᠧᠩ ᠣᠷᠣᠯᠴᠠᠪᠠ᠃ | | ᠭᠦᠸᠧ ᠢ ᠵᠢᠶᠧ ᠬᠡᠯᠡᠭᠰᠡᠨ ᠨᠢ᠂ ᠬᠠᠶᠢᠷᠤᠪ ᠤᠨ ᠲᠤᠬᠤᠢ ᠲᠣᠭᠤᠷᠢᠭ ᠤᠨ ᠲᠠᠷᠢᠶᠠᠯᠠᠩ ᠤᠨ ᠠᠵᠤ | ᠦᠢᠯᠡᠰ ᠤᠨ ᠬᠥᠭᠵᠢᠯᠲᠡ ᠬᠤᠳᠠ ᠳᠤ ᠦᠢᠯᠡᠴᠢᠯᠡᠬᠦ ᠤᠨᠢᠨ ᠳᠡᠭᠡᠷ᠎ᠡ ᠨᠢ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ | ᠬᠤᠳᠠ ᠶᠢᠨ ᠲᠡᠭᠦᠷᠭᠡ ᠶᠢᠨ ᠬᠡᠯᠪᠡᠷᠢ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ︽ᠨᠠᠷᠢᠯᠢᠭ ᠲᠠᠷᠢᠬᠤ︾᠂ ︽ | ᠴᠢᠨᠠᠷ ᠰᠢᠯᠢᠳᠡᠭ ᠦᠨ᠎ᠡ ᠬᠢᠮᠳᠠ︾ ᠣᠶᠢᠯᠠᠭᠠᠭᠳᠠᠬᠤᠨ ᠢᠶᠠᠷ ᠬᠦᠳᠦᠯᠥᠨ ᠳᠠᠭᠠᠭᠤᠯᠵᠤ᠂ ᠰᠢᠨ᠎ᠡ ᠰᠣᠷᠭᠤᠭ ᠦᠵᠦᠮ᠂ | ᠪᠣᠬᠢᠷᠲᠤᠯ ᠦᠭᠡᠢ ᠣᠷᠭᠠᠨᠢᠭ ᠢᠳᠡᠰᠢᠨ ᠨᠣᠭᠤᠭ᠎ᠠ ᠵᠡᠷᠭᠡ ︽ᠨᠠᠷᠢᠯᠢᠭ ᠣᠨᠴᠠ ᠰᠢᠯᠢᠳᠡᠭ︾ ᠥᠨᠳᠥᠷ ᠨᠡᠮᠡᠯᠲᠡ | ᠦᠷᠳᠡᠭ ᠲᠠᠢ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠬᠦ ᠬᠡᠷᠡᠭᠲᠡᠢ᠃ ᠲᠠᠷᠢᠶᠠᠯᠠᠬᠤ ᠣᠷᠣᠨ ᠳᠤ | ᠰᠢᠯᠢᠳᠡᠭ ᠢ ᠨᠢ ᠰᠣᠩᠭᠤᠨ ᠬᠦᠴᠦᠷᠬᠡᠭ ᠢ ᠨᠢ ᠲᠣᠬᠢᠷᠠᠭᠤᠯᠵᠣ᠂ ᠰᠡᠳᠬᠢᠴᠡ ᠲᠠᠢ᠂ ᠪᠣᠳᠣᠯ ᠰᠠᠨᠠᠯ ᠲᠠᠢ᠂ | ᠬᠠᠷᠢᠭᠤᠴᠠᠯᠭ᠎ᠠ ᠡᠭᠦᠷᠭᠡᠯᠡᠯ ᠲᠠᠢ᠂ ᠲᠥᠪ ᠭᠤᠣᠯᠴᠢ ᠰᠡᠳᠬᠢᠯ ᠲᠠᠢ ︽ᠳᠠᠭᠠᠭᠤᠯᠤᠭᠴᠢ︾ ᠪᠠᠷ ᠲᠣᠰᠬᠤᠨ ᠤ | ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠬᠡᠷᠡᠭᠲᠡᠶ ᠭᠡᠪᠡ᠃ | | ᠭᠦᠸᠧ ᠢ ᠵᠢᠶᠧ ᠬᠡᠯᠡᠬᠦ ᠳᠡᠭᠡᠨ᠂ ᠦᠵᠦᠮ᠂ ᠢᠳᠡᠰᠢᠨ ᠨᠣᠭᠤᠭ᠎ᠠ ᠵᠡᠷᠭᠡ ᠨᠡᠶᠢᠭᠡᠮᠯᠢᠭ ᠤᠨ ᠵᠣᠬᠢᠶᠠᠨ | ᠪᠠᠶᠢᠭᠤᠯᠤᠯᠲᠠ ᠶᠢ ᠲᠦᠷᠭᠡᠪᠴᠢᠯᠡᠨ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠳᠠᠮᠵᠢᠭᠤᠯᠤᠨ᠂ | ᠦᠢᠯᠡᠳᠪᠦᠷᠢᠯᠡᠯ ᠢ ᠳᠠᠶᠢᠴᠢᠯᠠᠬᠤ᠂ ᠮᠡᠷᠭᠡᠵᠢᠯ ᠤᠨ ᠵᠢᠯᠤᠭᠤᠳᠤᠯᠭ᠎ᠠ᠂ ᠲᠠᠷᠢᠶᠠᠯᠠᠩ ᠤᠨ ᠦᠯᠡᠳᠡᠭᠳᠡᠯ ᠢ ᠪᠠᠶᠢᠴᠠᠭᠠᠨ | ᠬᠡᠮᠵᠢᠬᠦ᠂ ᠪᠣᠷᠣᠯᠠᠭᠤᠯᠬᠤ ᠠᠷᠭ᠎ᠠ ᠵᠠᠮ ᠵᠡᠷᠭᠡ ᠪᠦᠬᠦ ᠬᠡᠯᠬᠢᠶ᠎ᠡ ᠶᠢᠨ ᠠᠵᠢᠯᠯᠠᠭᠠᠨ ᠢ ᠪᠡᠶᠡᠯᠡᠭᠦᠯᠵᠦ᠂ ᠡᠯ᠎ᠡ ᠲᠠᠯ᠎ᠠ ᠶᠢᠨ | ᠡᠬᠢ ᠪᠠᠶᠠᠯᠢᠭ ᠢ ᠨᠡᠶᠢᠳᠬᠡᠵᠦ᠂ ᠣᠷᠣᠨ ᠪᠦᠰᠡ ᠶᠢᠨ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠢ | ᠡᠭᠦᠳᠬᠦ ᠬᠡᠷᠡᠭᠲᠡᠢ᠃ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠲᠣᠮᠣ ᠬᠡᠯᠪᠡᠷᠢ ᠶᠢᠨ | ᠬᠤᠳᠠᠯᠳᠤᠭᠠᠨ ᠤ ᠬᠡᠲᠦ ᠳᠡᠯᠭᠡᠭᠦᠷ ᠪᠣᠯᠤᠨ ᠵᠢᠵᠢᠭ ᠲᠣᠭᠤᠷᠢᠭ ᠤᠨ ᠡᠷᠬᠢᠨ ᠲᠣᠭᠤᠷᠢᠨ ᠤ ᠢᠳᠡᠰᠢᠨ ᠨᠣᠭᠤᠭᠠᠨ ᠤ | ᠳᠡᠯᠭᠡᠭᠦᠷ ᠲᠤ ᠲᠤᠬᠠᠶ ᠶᠢᠨ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠤ ᠲᠤᠰᠬᠠᠶ ᠯᠠᠩᠭᠦᠶ ᠭᠠᠷᠭᠠᠬᠤ ᠶᠢᠨ | ᠬᠠᠮᠲᠤ ᠠᠮᠢᠵᠢᠷᠠᠯ ᠪᠢᠯᠬᠠᠭᠰᠠᠨ ᠬᠠᠶᠢᠷᠤᠪ ᠤᠨ ᠲᠣᠬᠤᠶ ᠶᠢᠨ ᠣᠯᠠᠨ ᠨᠡᠶᠢᠲᠡ ᠶᠢᠨ ᠳ᠋ᠤᠭᠠᠷ᠂ ᠴᠤᠤᠷᠢᠶ᠎ᠠ ᠵᠡᠷᠭᠡ | ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠲᠠᠪᠴᠠᠩ ᠢ ᠭᠦᠢᠴᠡᠤᠡ ᠠᠰᠢᠭᠯᠠᠵᠤ᠂ ᠲᠣᠰ ᠭᠠᠵᠠᠷ ᠤᠨ | ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠶᠢ ᠤᠯᠠᠮ ᠨᠢᠭᠡ | ᠠᠯᠬᠤᠮ ᠥᠷᠭᠡᠳᠬᠡᠬᠦ ᠬᠡᠷᠡᠭᠲᠡᠶ᠃ ᠡᠭᠦᠨ ᠤ ᠬᠠᠮᠲᠤ᠂ ᠲᠠᠷᠢᠶᠠᠯᠠᠩ ᠤᠨ ᠠᠵᠤ ᠠᠬᠤᠶᠢᠯᠠᠯ ᠤᠳ ᠤᠰᠤ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠪᠠᠨ ᠴᠢᠩᠭᠠᠳᠭᠠᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ | ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ ᠭᠡᠪᠡ᠃ | | ᠭᠦᠸᠧ ᠢ ᠵᠢᠶᠧ ᠬᠡᠯᠡᠬᠦ ᠳᠡᠭᠡᠨ᠂ ᠦᠵᠦᠮ ᠤᠨ ᠬᠦᠷᠢᠶᠡᠯᠡᠩ ᠤᠨ ᠨᠣᠭᠤᠭᠠᠨ ᠵᠠᠮ ᠤᠨ ᠡᠳᠦᠷ ᠲᠤᠲᠤᠮ ᠤᠨ | ᠬᠠᠮᠢᠶᠠᠷᠤᠯᠲᠠ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠬᠤ᠂ ᠤᠬᠠᠭᠤᠯᠭ᠎ᠠ ᠵᠡᠷᠭᠡ ᠲᠠᠯ᠎ᠠ ᠶᠢᠨ ᠠᠵᠢᠯ ᠢ | ᠰᠠᠶᠢᠲᠤᠷ ᠬᠢᠵᠦ᠂ ᠠᠮᠢ ᠠᠬᠤᠶ ᠭᠤᠶᠢᠳᠠ ᠰᠠᠶᠢᠬᠠᠨ᠂ ᠠᠵᠤ ᠤᠶᠢᠯᠡᠰ ᠬᠥᠭᠵᠢᠭᠰᠡᠨ᠂ ᠰᠣᠶᠣᠯ ᠵᠢᠭᠤᠯᠴᠢᠯᠠᠯ | ᠬᠥᠭᠵᠢᠭᠰᠡᠨ ︽ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭ᠎ᠠ︾ ᠶᠢᠨ ᠣᠨᠴᠠᠯᠢᠭᠲᠤ ᠵᠢᠭᠤᠯᠴᠢᠯᠠᠯ ᠤᠨ | ᠱᠤᠭᠤᠮ ᠢ ᠪᠣᠶ ᠪᠣᠯᠭᠠᠬᠤ ᠬᠡᠷᠡᠭᠲᠡᠶ ᠭᠡᠪᠡ᠃ | |