ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 148 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/14
    ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 148 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠧᠴᠤᠸᠠᠨ ᠤ ᠢ ᠪᠢᠨ ᠬᠤᠳᠠ ᠶᠢᠨ ᠶᠦᠨ ᠯᠢᠶᠠᠨ ᠰᠢᠶᠠᠨ ᠤ ᠠᠭᠤᠯᠠ  ᠶᠡᠭᠦᠷᠡᠭᠰᠡᠨ ᠲᠤᠬᠠᠢ ᠴᠢᠬᠤᠯᠠ ᠵᠢᠭᠠᠪᠤᠷᠢ᠂ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾᠎ ᠢ ᠤᠯᠠᠮᠵᠢᠯᠠᠨ ᠰᠤᠷᠤᠯᠴᠠᠵᠤ᠂ ᠰᠦᠨ ᠱᠤᠤ ᠴᠧᠩ ᠨᠥᠬᠦᠷ ᠤᠨ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠯᠣᠭᠤᠳᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠬᠢᠨᠠᠨ ᠵᠥᠪᠯᠡᠵᠦ ᠪᠠᠲᠤᠯᠠᠪᠠ︔ ︽ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ︵ᠬᠦᠷᠭᠡᠨ ᠬᠢᠨᠠᠭᠤᠯᠬᠤ ᠨᠤᠤᠷᠠᠭ︶︾ ᠪᠣᠯᠤᠨ ᠺᠠᠳ᠋ᠷ ᠠᠵᠢᠯᠳᠠᠨ ᠤ ᠶᠠᠪᠤᠳᠠᠯ ᠤᠨ ᠬᠤᠯᠪᠣᠭᠳᠠᠯ ᠪᠦᠬᠦᠢ ᠶᠠᠪᠤᠳᠠᠯ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠭᠦᠸᠧ ᠢ ᠵᠢᠶᠧ ᠬᠡᠯᠡᠭᠰᠡᠨ ᠨᠢ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠳᠠᠪᠠᠭᠤᠯᠢᠭ ᠠᠵᠤ ᠦᠢᠯᠡᠰ ᠤᠨ ᠪᠤᠵᠠᠭᠠᠶᠢᠷᠠᠯᠲᠠ ᠪᠣᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠠᠰᠠᠭᠤᠳᠠᠯ ᠢ ᠦᠨᠡᠨᠬᠦ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ︔ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠵᠦ᠂ ᠭᠡᠨᠡᠳᠲᠡ ᠶᠢᠨ ᠬᠡᠷᠡᠭ ᠢ ᠥᠨᠳᠥᠷ ᠪᠦᠲᠦᠮᠵᠢᠲᠡᠢ ᠠᠷᠭᠠᠴᠠᠨ ᠰᠢᠢᠳᠪᠦᠷᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠦᠢᠴᠡᠳ ᠲᠠᠨᠢᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ︽ᠰᠠᠨᠠᠯ︾᠎ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠠᠵᠤ ᠦᠢᠯᠡᠰ ᠤᠨ ᠬᠥᠭᠵᠢᠯᠲᠡ ᠶᠢᠨ ᠭᠤᠷᠪᠠᠨ ᠲᠠᠯ᠎ᠠ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠰᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠦᠢᠯᠡᠰ ᠪᠦᠲᠦᠭᠡᠬᠦ ᠵᠠᠰᠠᠭ ᠤᠨ ᠣᠷᠳᠣᠨ᠂ ᠪᠦᠲᠦᠮᠵᠢᠲᠡᠢ ᠵᠠᠬ᠎ᠠ ᠳᠡᠯᠭᠡᠭᠦᠷ᠂ ᠬᠠᠶᠢᠷ᠎ᠠ ᠰᠡᠳᠬᠢᠯᠭᠡ ᠲᠠᠢ ᠨᠡᠶᠢᠭᠡᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠲᠤ ᠥᠷᠭᠡᠨ ᠢᠶᠠᠷ ᠣᠷᠣᠯᠴᠠᠭᠤᠯᠬᠤ ᠬᠡᠷᠡᠭᠲᠡᠢ᠃ ᠠᠵᠢᠯ ᠬᠢᠵᠦ ᠦᠢᠯᠡᠰ ᠪᠤᠰᠬᠠᠬᠤ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠡᠮᠡᠭᠳᠡᠯ ᠤᠨ ᠰᠠᠭᠤᠷᠢ ᠶᠢ ᠪᠠᠬᠢᠵᠢᠭᠦᠯᠵᠦ᠂ ᠴᠢᠩᠲᠤᠤ ᠠᠺᠠᠳᠧᠮᠢᠴᠢ ᠶᠢᠨ ᠠᠵᠢᠯ ᠤᠨ ᠦᠷᠳᠡᠭᠡ᠂ ᠰᠤᠳᠤᠯᠤᠨ ᠨᠡᠭᠡᠭᠡᠬᠦ ᠲᠥᠪ ᠪᠣᠯᠤᠨ ᠠᠵᠤ ᠦᠢᠯᠡᠰ ᠤᠨ ᠰᠠᠭᠤᠷᠢᠨ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠰᠠᠶᠢᠲᠤᠷ ᠬᠢᠵᠦ᠂ ᠤᠯᠤᠰ ᠤᠨ ᠲᠡᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠢ ᠴᠢᠷᠮᠠᠶᠢᠨ ᠪᠠᠶᠢᠭᠤᠯᠬᠤ ᠬᠡᠷᠡᠭᠲᠡᠢ︔ ᠰᠠᠭᠤᠷᠢ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠡᠮᠬᠢ ᠵᠢᠷᠤᠮ ᠲᠠᠢ ᠪᠠᠷ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔ ᠡᠯ᠎ᠡ ᠱᠠᠲᠤᠨ ᠤ ᠤᠳᠤᠷᠢᠳᠬᠤ ᠺᠠᠳ᠋ᠷ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠡᠭᠦᠷᠭᠡ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠡᠷᠡᠰ ᠨᠠᠶᠢᠳᠠᠪᠤᠷᠢᠵᠢᠭᠤᠯᠵᠤ᠂ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠦᠨᠳᠦᠰᠦ ᠰᠤᠷᠪᠤᠯᠵᠢ ᠶᠢ ᠵᠠᠳᠠᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢᠶᠠᠷ ᠳᠠᠮᠵᠢᠭᠤᠯᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠬᠠᠮᠲᠤ ᠪᠠᠷ ᠰᠦᠪᠡᠭᠴᠢᠯᠡᠬᠦ ᠵᠣᠷᠢᠯᠭ᠎ᠠ ᠳᠤ ᠦᠨᠡᠨᠬᠦ ᠬᠦᠷᠬᠦ ᠬᠡᠷᠡᠭᠲᠡᠢ ᠭᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号