ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠡᠷᠬᠢᠯᠡᠪᠡ
ᠨᠡᠶᠢᠲᠡᠯᠡᠭᠰᠡᠨ ᠴᠠᠭ᠄
2025/2/14
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠰᠡᠷᠡᠮᠵᠢ ᠶᠢᠨ ᠬᠤᠩᠬᠤ︾ ᠶᠢ ᠦᠵᠡᠭᠰᠡᠨ ᠪᠥᠭᠡᠳ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠼᠦᠢ ᠬᠤᠩ ᠪᠥᠸᠧ ᠬᠡᠯᠡᠬᠦ ᠳᠡᠭᠡᠨ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠴᠢᠬᠤᠯᠠ ᠠᠭᠤᠯᠭ᠎ᠠ ᠮᠥᠨ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠪᠠᠳᠠᠷᠠᠭᠤᠯᠬᠤ᠂ ᠨᠠᠮ ᠤᠨ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠯᠪᠡᠷᠢ ᠮᠥᠨ᠂ ᠡᠯ᠎ᠡ ᠨᠠᠮ ᠤᠨ ᠭᠡᠰᠢᠭᠦᠨ ᠺᠠᠳ᠋ᠷ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠶᠢ ᠠᠵᠢᠯ ᠢᠶᠠᠨ ᠠᠬᠢᠭᠤᠯᠬᠤ ᠴᠢᠬᠤᠯᠠ ᠠᠵᠠ ᠲᠣᠬᠢᠶᠠᠯ ᠪᠣᠯᠭᠠᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠨᠢᠭᠲᠠᠷᠠᠭᠤᠯᠬᠤ ᠬᠡᠷᠡᠭᠲᠡᠢ᠃ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ︽ᠲᠦᠷᠪᠡᠨ ᠳᠠᠭᠠᠭᠤᠯᠤᠭᠴᠢ︾ ᠲᠠᠢ ᠬᠠᠷᠭᠤᠭᠤᠯᠵᠤ᠂ ᠲᠤᠬᠠᠶᠢᠯᠠᠪᠠᠯ ᠲᠦᠷᠦᠭᠦᠯᠡᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠬᠤ ᠬᠡᠷᠡᠭᠲᠡᠢ︔ ᠲᠦᠷᠦᠭᠦᠯᠡᠨ ᠨᠠᠮᠴᠢ ᠴᠢᠨᠠᠷ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠤᠷᠲᠠᠯ ᠢᠶᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ︔ ᠲᠦᠷᠦᠭᠦᠯᠡᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠬᠦ ᠬᠡᠷᠡᠭᠲᠡᠢ︔ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠲᠦᠷᠦᠭᠦᠯᠡᠨ ᠭᠦᠢᠴᠡᠳᠬᠡᠵᠦ᠂  ᠠᠰᠠᠭᠤᠳᠠᠯ ᠢ ᠭᠦᠨᠵᠡᠭᠡᠢ ᠡᠷᠢᠵᠦ᠂ ᠰᠢᠯᠲᠠᠭᠠᠨ ᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠬᠤ ᠬᠡᠷᠡᠭᠲᠡᠢ᠃ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠬᠠᠷᠭᠤᠭᠤᠯᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠲᠠᠢ ᠤᠶᠠᠯᠳᠤᠭᠤᠯᠵᠤ᠂ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠵᠦᠷᠢᠶ᠎ᠡ ᠪᠣᠯᠤᠨ ᠬᠦᠷᠦᠯᠴᠡᠬᠦ ᠦᠭᠡᠢ ᠲᠠᠯ᠎ᠠ ᠪᠠᠨ ᠭᠦᠨᠵᠡᠭᠡᠢ ᠡᠷᠢᠬᠦ ᠬᠡᠷᠡᠭᠲᠡᠢ᠃ ᠵᠠᠩᠭᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠤᠨ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠪᠠᠭ ᠤᠨ ᠪᠦᠷᠢᠯᠳᠦᠬᠦᠨ ᠨᠠᠷ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠥᠪᠡᠷ ᠢ ᠪᠠᠨ ᠣᠷᠣᠭᠤᠯᠵᠤ᠂ ᠬᠠᠷᠢᠭᠤᠴᠠᠯᠭ᠎ᠠ ᠶᠢ ᠡᠭᠦᠷᠭᠡᠯᠡᠵᠦ᠂ ᠲᠦᠷᠦᠭᠦᠯᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠪᠡ᠃    ᠬᠤᠷᠠᠯ ᠤᠨ ᠳᠠᠷᠠᠭ᠎ᠠ᠂ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠦᠬᠠᠶ ᠬᠤᠲᠠ ᠶᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号