2024 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ | ᠵᠠᠩᠭᠢᠯᠠᠭ᠎ᠠ ᠶᠢᠨ ᠵᠢᠯ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠤᠳᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠪᠣᠯᠤᠨ ︽ᠠᠷᠪᠠᠨ ᠬᠤᠶᠠᠷ | ᠵᠦᠢᠯ ᠤᠨ ᠭᠤᠣᠯᠳᠠᠯᠭ᠎ᠠ ᠲᠠᠢ ᠠᠵᠢᠯ︾ ᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ ᠳᠤᠮᠳᠠ ᠶᠠᠰᠤ ᠴᠢᠨᠠᠷ ᠢ | ᠳᠡᠭᠡᠭᠰᠢᠯᠡᠭᠦᠯᠬᠦ᠂ ᠲᠣᠭᠲᠠᠭᠤᠨ ᠤ ᠳᠤᠮᠳᠠ ᠨᠥᠭᠡᠴᠡ ᠬᠦᠴᠦᠨ ᠢ ᠠᠬᠢᠭᠤᠯᠬᠤ ᠶᠢ ᠠᠬᠢᠭᠤᠯᠪᠠ᠃ | ᠬᠠᠶᠢᠷᠤᠪ ᠤᠨ ᠲᠤᠬᠤᠢ ᠲᠣᠭᠤᠷᠢᠭ ᠤᠨ ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠦᠷᠳᠡᠭ 306.80 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2% ᠢᠶᠠᠷ | ᠨᠡᠮᠡᠭᠳᠡᠪᠡ᠃ | ᠲᠠᠷᠢᠶᠠᠯᠠᠩ᠂ ᠬᠦᠳᠡᠭᠡ ᠠᠵᠤ ᠠᠬᠤᠢ | 2024 ᠣᠨ ᠳᠤ᠂ ᠪᠥᠬᠦ ᠲᠤᠭᠤᠷᠢᠭ ᠤᠨ ᠠᠮᠤ ᠪᠤᠳᠠᠭᠠᠨ ᠤ ᠲᠠᠷᠢᠮᠠᠯ ᠤᠨ ᠳᠠᠷᠢᠬᠤ ᠲᠠᠯᠠᠪᠠᠶ ᠨᠡᠶᠢᠲᠡ | 15335.68 ᠮᠥ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 23.3% ᠨᠡᠮᠡᠭᠳᠡᠵᠦ᠂ ᠠᠮᠤ ᠪᠤᠳᠠᠭᠠᠨ ᠤ | ᠶᠡᠷᠦᠩᠬᠡᠶ ᠤᠨᠠᠯᠲᠠ 10776.53 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 24.6% ᠪᠠᠷ | ᠨᠡᠮᠡᠭᠳᠡᠪᠡ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | ᠪᠦᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ | ᠬᠤᠷᠳᠤᠴᠠ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠪᠡ᠃ ᠲᠥᠷᠥᠯ ᠬᠤᠪᠢᠶᠠᠨ ᠠᠪᠴᠤ ᠦᠵᠡᠪᠡᠯ᠂ | ᠠᠭᠤᠷᠬᠠᠶ ᠮᠠᠯᠲᠠᠬᠤ ᠤᠶᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.6% ᠪᠠᠷ ᠨᠡᠮᠡᠭᠳᠡᠵᠦ᠂ | ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠤᠶᠢᠯᠡᠤᠡᠪᠤᠷᠢᠯᠡᠯ ᠪᠠ | ᠬᠠᠩᠭᠠᠯᠭ᠎ᠠ ᠶᠢᠨ ᠤᠶᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.7% ᠪᠠᠷ ᠨᠡᠮᠡᠭᠳᠡᠪᠡ᠃ | ᠠᠵᠢᠯ ᠲᠦᠷᠦᠯ ᠢᠶᠠᠷ ᠬᠤᠪᠢᠶᠠᠵᠤ ᠦᠵᠡᠪᠡᠯ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ | ᠦᠷᠳᠡᠭ ᠠᠳᠠᠯᠢ ᠬᠤᠭᠤᠴᠠᠭᠠᠨ ᠤ ᠬᠢ ᠠᠴᠠ 0.6% ᠪᠠᠷ ᠨᠡᠮᠡᠭᠳᠡᠵᠦ᠂ ᠬᠢᠮᠢ ᠶᠢᠨ ᠲᠦᠭᠦᠬᠡᠢ ᠮᠠᠲ᠋ᠧᠷᠢᠶᠠᠯ ᠪᠠ | ᠬᠢᠮᠢ ᠶᠢᠨ ᠦᠢᠯᠡᠳᠬᠦᠨ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 227. | 8% ᠪᠠᠷ ᠨᠡᠮᠡᠭᠳᠡᠵᠦ᠂ ᠬᠠᠷ᠎ᠠ ᠲᠡᠮᠦᠷᠯᠢᠭ ᠬᠠᠶᠢᠯᠤᠭᠤᠯᠬᠤ ᠪᠠ ᠳᠠᠷᠤᠵᠤ ᠤᠷᠲᠤᠳᠬᠠᠭᠰᠠᠨ ᠪᠣᠯᠪᠠᠰᠤᠷᠠᠭᠤᠯᠬᠤ | ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 0.5% ᠪᠠᠷ ᠨᠡᠮᠡᠭᠳᠡᠵᠦ᠂ ᠴᠠᠬᠢᠯᠭᠠᠨ ᠬᠦᠴᠦ᠂ | ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ ᠠᠳᠠᠯᠢ | ᠬᠤᠭᠤᠴᠠᠭᠠᠨ ᠤ ᠬᠢ ᠠᠴᠠ 14.5% ᠪᠠᠷ ᠨᠡᠮᠡᠭᠳᠡᠪᠡ᠃ | ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠠᠴᠠ ᠦᠵᠡᠪᠡᠯ᠂ ᠲᠦᠭᠦᠬᠡᠶ | ᠨᠡᠭᠦᠷᠡᠰᠦᠨ ᠤ ᠭᠠᠷᠤᠯᠲᠠ 2274.67 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13. | 4% ᠪᠠᠷ ᠨᠡᠮᠡᠭᠳᠡᠪᠡ︔ ᠱᠦᠢᠨᠢ ᠶᠢᠨ ᠭᠠᠷᠤᠯᠲᠠ 85.90 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 15.8% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 84.70 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9% ᠪᠠᠷ ᠨᠡᠮᠡᠭᠳᠡᠪᠡ᠃ | ᠲᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ | ᠪᠥᠬᠦ ᠵᠢᠯ ᠳᠤ ᠭᠤᠷᠪᠠᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠬᠤᠪᠢ ᠶᠢᠨ ᠵᠢᠩ ᠨᠢ 0.2᠄ 58. | 1᠄ 41.7 ᠪᠣᠯᠤᠨ᠎ᠠ᠃ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 405.1% ᠪᠠᠷ ᠨᠡᠮᠡᠭᠳᠡᠪᠡ︔ ᠠᠭᠤᠷᠬᠠᠶ ᠮᠠᠯᠲᠠᠬᠤ | ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 47.6% ᠪᠠᠷ ᠨᠡᠮᠡᠭᠳᠡᠪᠡ︔ ᠴᠠᠬᠢᠯᠭᠠᠨ | ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 23.2% ᠢᠶᠠᠷ ᠨᠡᠮᠡᠭᠳᠡᠪᠡ︔ | ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ︔ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ | 33.50 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.7% ᠪᠠᠷ | ᠨᠡᠮᠡᠭᠳᠡᠪᠡ᠃ | ᠠᠷᠠᠯᠵᠢᠶ᠎ᠠ ᠬᠤᠳᠠᠯᠳᠤᠭ᠎ᠠ | ᠪᠥᠬᠦ ᠵᠢᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ | ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ᠃ ᠭᠡᠷ ᠤᠨ ᠴᠠᠬᠢᠯᠭᠠᠨ ᠬᠡᠷᠡᠭᠰᠡᠯ ᠪᠠ ᠳᠠᠭᠤ ᠳᠦᠷᠰᠦ | ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 36.9% ᠪᠠᠷ ᠨᠡᠮᠡᠭᠳᠡᠵᠦ᠂ | ᠮᠠᠰᠢᠨ ᠲᠡᠷᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠵᠦ᠂ ᠡᠭᠦᠨ ᠳᠤ᠄ ᠰᠢᠨ᠎ᠡ | ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 72.8% ᠪᠠᠷ ᠨᠡᠮᠡᠭᠳᠡᠪᠡ᠃ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ | 1 - 11 ᠳ᠋ᠦ᠋ᠭᠡᠷ ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠮᠡᠳᠡᠭᠡ ᠵᠠᠩᠭᠢ | ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠠᠳᠠᠯᠢ | ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠰᠤᠷᠭᠠᠨ ᠬᠥᠮᠦᠵᠢᠯ ᠤᠨ ᠦᠢᠯᠡᠰ ᠠᠳᠠᠯᠢ | ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ᠃ | ᠡᠳ᠋ ᠤᠨ ᠵᠠᠰᠠᠭ ᠤᠨ ᠣᠷᠣᠯᠭ᠎ᠠ | ᠪᠥᠬᠦ ᠲᠤᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 39.33 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ 28.63 ᠳ᠋ᠦᠩᠰᠢᠭᠤᠷ ᠲᠥᠭᠦᠷᠢᠭ ᠢ | ᠪᠡᠶᠡᠯᠡᠭᠦᠯᠪᠡ︔ ᠭᠠᠶᠢᠯᠢ ᠲᠠᠲᠠᠪᠤᠷᠢ ᠶᠢᠨ ᠪᠤᠰᠤ ᠣᠷᠣᠯᠭ᠎ᠠ 10.71 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 31.7% ᠪᠠᠷ ᠨᠡᠮᠡᠭᠳᠡᠪᠡ᠃ ᠪᠦᠬᠦ ᠲᠤᠭᠤᠷᠢᠭ ᠤᠨ ᠡᠩ ᠤᠨ ᠣᠯᠠᠨ | ᠨᠡᠶᠢᠲᠡ ᠶᠢᠨ ᠲᠥᠰᠦᠪ ᠤᠨ ᠵᠠᠷᠤᠯᠭ᠎ᠠ 41.91 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ | ᠪᠥᠬᠦ ᠰᠠᠭᠤᠭᠠᠯᠢ ᠠᠷᠠᠳ ᠤᠨ ᠡᠵᠡᠮᠰᠢᠵᠤ ᠪᠤᠯᠬᠤ ᠤᠷᠤᠯᠭ᠎ᠠ | 2024 ᠣᠨ ᠳᠤ᠂ ᠪᠥᠬᠦ ᠲᠤᠭᠤᠷᠢᠭ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 56057 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.6% ᠪᠠᠷ | ᠨᠡᠮᠡᠭᠳᠡᠪᠡ᠃ ᠬᠤᠳᠠ ᠬᠥᠳᠡᠭᠡ ᠬᠤᠪᠢᠶᠠᠵᠤ ᠦᠵᠡᠪᠡᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 56077 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.5 % ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 30165 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 5.1 % ᠪᠠᠷ ᠨᠡᠮᠡᠭᠳᠡᠪᠡ᠃ |