ᠪᠦᠬᠦ ᠤᠷᠤᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/19
    2 ᠳ᠋ᠤᠭᠠᠷ ᠰᠠᠷ᠎ᠠ ᠶᠢᠨ 17 ᠤ ᠡᠳᠦᠷ᠂ ᠪᠥᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠵᠢᠯ ᠢᠶᠠᠨ ᠳ᠋ᠦᠩᠨᠡᠵᠦ᠂ ᠪᠠᠶᠢᠳᠠᠯ ᠢ ᠵᠠᠳᠠᠯᠵᠤ᠂ 2025 ᠣᠨ ᠤ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠪᠦᠬᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠪᠦᠬᠦ ᠨᠠᠮ ᠢ ᠵᠡᠪᠰᠡᠭᠯᠡᠬᠦ᠂ ᠠᠷᠠᠳ ᠲᠦᠮᠡᠨ ᠢ ᠰᠤᠷᠭᠠᠨ ᠬᠥᠮᠦᠵᠢᠭᠦᠯᠬᠦ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠴᠦ᠂ ︽ᠵᠢᠷᠭᠤᠭᠠᠨ ᠠᠵᠢᠯᠯᠠᠭ᠎ᠠ︾ ᠶᠢ ᠪᠦᠬᠦ ᠲᠠᠯ᠎ᠠ ᠪᠠᠷ ᠳᠡᠮᠵᠢᠵᠦ᠂ ︽ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠂ ᠳᠤᠮᠳᠠ ᠲᠦᠪᠰᠢᠨ ᠳᠤ ᠣᠷᠣᠬᠤ︾ ᠲᠠᠯ᠎ᠠ ᠪᠠᠷ ᠨᠡᠩ ᠶᠡᠭᠡ ᠠᠬᠢᠴᠠ ᠲᠠᠢ ᠪᠤᠯᠵᠤ᠂ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ᠂ ᠠᠰᠢᠭᠲᠠᠢ ᠰᠣᠶᠣᠯ ᠤᠨ ᠨᠥᠬᠦᠴᠡᠯ ᠬᠠᠩᠭᠠᠬᠤ ᠬᠡᠷᠡᠭᠲᠡᠢ  ᠭᠡᠵᠤ ᠵᠢᠭᠠᠪᠠ᠃    ᠬᠤᠷᠠᠯ ᠠᠴᠠ᠂ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠶᠢ ᠡᠷᠡᠰ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠠᠮ ᠤᠨ ᠰᠣᠶᠣᠯ ᠤᠨ ᠤᠳᠤᠷᠢᠳᠬᠤ ᠡᠷᠬᠡ ᠶᠢ ᠪᠠᠷᠢᠮᠲᠠᠯᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠦᠬᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃   
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号