2 ᠰᠠᠷ᠎ᠠ ᠶᠢᠨ 18 ᠤ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ | ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ | 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠬᠤᠷᠠᠯ ᠠᠴᠠ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠵᠢᠴᠢ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ | ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠣᠰ | ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ | ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠭᠦᠸᠧ ᠢ ᠵᠢᠶᠧ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠥᠪᠡᠷ ᠢ ᠪᠠᠨ ᠵᠠᠳᠠᠯᠵᠤ᠂ | ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠲᠡᠰ ᠳᠠᠷᠠᠭᠠᠯᠠᠨ ᠶᠠᠷᠢᠶ᠎ᠠ ᠲᠠᠯᠪᠢᠵᠤ᠂ | ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠪᠡ᠃ ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠦᠨᠡᠯᠡᠯᠲᠡ ᠬᠢᠪᠡ᠃ | ᠣᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠵᠧᠤ ᠶᠢᠨ ᠰᠢᠩ᠂ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠰᠠᠶᠢᠲᠤᠷ ᠬᠢᠬᠦ ᠨᠢ ᠵᠥᠪᠬᠡᠨ ᠨᠢᠭᠡᠳᠦᠭᠡᠷ ᠠᠯᠬᠤᠮ ᠪᠣᠯᠤᠨ᠎ᠠ᠂ ᠵᠠᠩᠭᠢᠯᠠᠭ᠎ᠠ ᠨᠢ ᠬᠡᠷᠬᠢᠨ | ᠰᠠᠶᠢᠵᠢᠷᠠᠭᠤᠯᠬᠤ ᠳᠤ ᠪᠤᠢ᠃ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠵᠦ᠂ ᠦᠨᠡᠨ | ᠪᠣᠳᠠᠲᠠᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ | ᠵᠦᠢᠯ ᠤᠨ ᠠᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ | ᠬᠠᠷᠠᠭᠠᠯᠵᠠᠬᠤ ᠶᠢ ᠠᠵᠢᠯ ᠤᠨ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠵᠤ᠂ ᠵᠥᠪ ᠤᠯᠤᠰ ᠲᠥᠷᠥ ᠶᠢᠨ | ᠴᠢᠭᠯᠡᠯ ᠢ ᠪᠠᠲᠤ ᠡᠵᠡᠮᠳᠡᠵᠦ᠂ ᠶᠡᠭᠡ ᠲᠠᠯ᠎ᠠ ᠳᠤ ᠦᠢᠯᠡᠴᠢᠯᠡᠬᠦ ᠶᠢ ᠡᠷᠡᠰ ᠳᠠᠭᠠᠵᠤ᠂ ᠲᠡᠷᠡ ᠶᠣᠰᠣᠭᠠᠷ ᠨᠢ | ᠬᠡᠷᠡᠭᠵᠢᠭᠦᠯᠦᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠦᠨᠡᠨᠴᠢ | ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠰᠢᠪᠲᠤᠯᠤᠯᠲᠠ | ᠭᠠᠷᠭᠠᠬᠤ ᠪᠠᠷ ᠴᠢᠷᠮᠠᠶᠢᠵᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢ ᠢᠮᠠᠭᠲᠠ ᠲᠤᠤᠱᠯᠠᠭᠤᠯᠵᠤ᠂ ᠠᠵᠤ | ᠦᠢᠯᠡᠰ ᠤᠨ ᠪᠦᠲᠦᠴᠡ ᠳᠤ ᠲᠤᠬᠢᠷᠠᠭᠤᠯᠤᠯᠳᠠ ᠬᠢᠬᠦ ᠶᠢ ᠲᠦᠷᠭᠡᠳᠬᠡᠵᠦ᠂ ᠰᠣᠳᠣᠨ ᠬᠤᠳᠠ ᠶᠢ ᠬᠦᠴᠦᠯᠡᠨ | ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠡᠬᠢ ᠪᠠᠶᠠᠯᠢᠭ ᠤᠨ | ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠠᠬᠢᠭᠤᠯᠬᠤ ᠳᠤ ᠬᠦᠴᠦᠨ ᠴᠢᠳᠠᠯ ᠢᠶᠠᠨ | ᠡᠷᠭᠦᠬᠦ ᠬᠡᠷᠡᠭᠲᠡᠢ᠃ ᠪᠣᠳᠠᠲᠤ ᠶᠠᠪᠤᠳᠠᠯ ᠬᠢᠬᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠠᠵᠢᠯ ᠢ ᠢᠮᠠᠭᠲᠠ | ᠲᠤᠤᠱᠯᠠᠭᠤᠯᠵᠤ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠠᠳᠬᠤᠵᠤ᠂ | ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠰᠤᠷᠭᠠᠨ ᠬᠥᠮᠦᠵᠢᠯ᠂ ᠡᠮ | ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠰᠠᠶᠢᠲᠠᠢ | ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ | ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠠᠬᠢᠯᠭ᠎ᠠ | ᠪᠠᠲᠤ ᠶᠢ ᠴᠢᠩᠳᠠᠯᠠᠬᠤ᠂ ᠰᠤᠷᠲᠠᠯ ᠢ ᠴᠢᠩᠭᠠᠳᠬᠠᠬᠤ ᠶᠢ ᠢᠮᠠᠭᠲᠠ ᠲᠤᠤᠱᠯᠠᠭᠤᠯᠵᠤ᠂ ᠨᠠᠮ ᠢ ᠬᠠᠮᠢᠶᠠᠷᠴᠤ ᠨᠠᠮ ᠢ | ᠵᠠᠰᠠᠬᠤ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠺᠠᠳ᠋ᠷ ᠤᠨ ᠡᠩᠨᠡᠭᠡᠨ ᠤ ᠤᠶᠤᠨ ᠰᠠᠨᠠᠭᠠᠨ ᠤ ᠳᠦᠷᠰᠦ | ᠪᠠᠶᠢᠳᠠᠯ ᠢ ᠤᠯᠠᠮ ᠴᠢᠨᠠᠭᠰᠢᠳᠠ ᠬᠥᠭᠵᠢᠭᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ | ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠬᠡᠯᠡᠪᠡ᠃ | |