2 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ | ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠨ | ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠰᠢᠨᠬᠤᠸᠠ ᠵᠡᠭᠡᠯᠢ | ᠭᠤᠳᠤᠮᠵᠢ ᠶᠢᠨ ᠬᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ | ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ ᠢ ᠰᠢᠨᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠰᠢᠤᠸᠠᠢ ᠫᠸᠢ ᠹᠧᠩ ᠡᠷᠬᠢᠯᠡᠵᠦ᠂ | ᠰᠢᠨᠬᠤᠸᠠ ᠬᠠᠤᠯᠢ ᠴᠠᠭᠠᠵᠠ ᠶᠢᠨ ᠭᠠᠵᠠᠷ᠂ ᠰᠢᠨᠬᠤᠸᠠ ᠲᠣᠮᠢᠯᠠᠭᠰᠠᠨ ᠰᠠᠯᠪᠤᠷᠢ᠂ ᠪᠠᠷᠠᠭᠤᠨ ᠣᠷᠳᠣᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ | ᠰᠠᠯᠪᠤᠷᠢ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ᠂ ᠡᠯ᠎ᠡ ᠨᠡᠶᠢᠭᠡᠮ ᠲᠣᠭᠤᠷᠢᠭ ᠤᠨ | ᠨᠠᠮ ᠤᠨ ᠬᠤᠷᠢᠶ᠎ᠠ ᠶᠢᠨ ᠱᠦᠵᠢ ᠵᠢᠴᠢ ᠨᠡᠶᠢᠭᠡᠮ ᠤᠨ ᠵᠠᠰᠠᠯᠲᠠ ᠶᠢᠨ ᠠᠯᠪᠠᠨ ᠭᠡᠷ ᠤᠨ ᠠᠵᠢᠯᠲᠠᠳ ᠬᠠᠮᠲᠤᠪᠠᠷ | ᠬᠤᠷᠠᠯ ᠳᠤ ᠣᠷᠣᠯᠴᠠᠪᠠ᠃ | | | | ᠬᠤᠷᠠᠯ ᠳᠡᠭᠡᠷ᠎ᠡ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠠᠵᠢᠯ ᠳᠤ ᠳᠠᠬᠢᠨ | ᠪᠠᠶᠢᠷᠢᠯᠠᠭᠤᠯᠤᠯᠲᠠ ᠬᠢᠵᠦ᠂ ᠳᠠᠬᠢᠨ ᠭᠦᠨᠵᠡᠭᠡᠶᠢᠷᠡᠭᠦᠯᠦᠨ᠎ᠡ᠂ ᠨᠢᠭᠡ ᠳᠤ᠂ ᠬᠤᠲᠠ ᠶᠢᠨ ᠨᠠᠮ ᠤᠨ ᠬᠤᠷᠢᠶ᠎ᠠ ᠶᠢᠨ | ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ︵ᠳᠣᠷᠣᠭᠰᠢ | ᠶᠡᠷᠦᠩᠬᠡᠶᠢᠯᠡᠨ ᠵᠠᠰᠠᠬᠤ ᠲᠥᠪ ᠭᠡᠵᠦ ᠲᠣᠪᠴᠢᠯᠠᠨ᠎ᠠ︶ ᠢ ᠵᠢᠷᠤᠮᠵᠢᠭᠤᠯᠤᠨ ᠪᠠᠶᠢᠭᠤᠯᠬᠤ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠶᠡᠷᠦᠩᠬᠡᠶᠢᠯᠡᠨ | ᠵᠠᠰᠠᠬᠤ ᠲᠥᠪ ᠤᠨ ᠠᠵᠢᠯ ᠤᠨ ᠳᠤᠮᠳᠠᠬᠢ ᠪᠣᠳᠠᠲᠠᠶ ᠡᠭᠦᠷᠭᠡ ᠬᠠᠷᠢᠭᠤᠴᠠᠯᠭ᠎ᠠ ᠬᠢᠭᠡᠳ ᠡᠭᠦᠷᠭᠡ ᠶᠢ ᠪᠠᠶᠢᠷᠢᠯᠠᠭᠤᠯᠪᠠ︔ | ᠬᠤᠶᠠᠷ ᠲᠤ᠂ ᠶᠡᠷᠦᠩᠬᠡᠶᠢᠯᠡᠨ ᠵᠠᠰᠠᠬᠤ ᠲᠥᠪ ᠤᠨ ᠬᠠᠮᠢᠶ᠎ᠠ ᠪᠦᠬᠦᠢ ᠠᠵᠢᠯ ᠤᠨ ᠲᠦᠷᠢᠮ ᠢ ᠭᠦᠨᠵᠡᠭᠡᠶ | ᠰᠢᠰᠲ᠋ᠧᠮ ᠲᠠᠢ ᠰᠤᠷᠤᠯᠴᠠᠵᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠ ᠨᠡᠶᠢᠭᠡᠮ ᠲᠣᠭᠤᠷᠢᠭ ᠢ ᠨᠢᠭᠲᠠ | ᠬᠠᠮᠵᠢᠯᠴᠠᠬᠤ ᠶᠢ ᠱᠠᠭᠠᠷᠳᠠᠵᠤ᠂ ᠶᠡᠷᠦᠩᠬᠡᠶᠢᠯᠡᠨ ᠵᠠᠰᠠᠬᠤ ᠲᠥᠪ ᠤᠨ ᠠᠵᠢᠯᠯᠠᠭᠠᠨ ᠤ ᠳᠤᠮᠳᠠᠬᠢ ᠡᠯ᠎ᠡ ᠵᠦᠢᠯ ᠤᠨ | ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠠᠮᠲᠤ ᠪᠠᠷ ᠠᠬᠢᠭᠤᠯᠬᠤ | ᠬᠡᠷᠡᠭᠲᠡᠶ᠃ ᠭᠤᠷᠪᠠ ᠳᠤ᠂ ᠡᠯ᠎ᠡ ᠲᠥᠷᠥᠯ ᠤᠨ ᠵᠥᠷᠢᠴᠡᠯ ᠠᠶᠤᠯ ᠲᠦᠭᠰᠢᠭᠦᠷᠢ ᠶᠢ ᠬᠦᠴᠦᠯᠡᠨ ᠪᠠᠶᠢᠴᠠᠭᠠᠵᠤ᠂ | ᠲᠣᠪᠤᠶᠢᠮ᠎ᠠ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠵᠤ᠂ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠵᠦ | ᠠᠷᠢᠯᠭᠠᠬᠤ ᠶᠢ ᠬᠠᠤᠯᠢ ᠪᠠᠷ ᠵᠠᠰᠠᠬᠤ ᠶᠢ ᠠᠬᠢᠭᠤᠯᠵᠤ᠂ ︽ᠳᠥᠷᠪᠡᠨ ᠭᠠᠵᠠᠷ ᠨᠢᠭᠡ ᠲᠢᠩᠬᠢᠮ︾ ᠢ | ᠬᠦᠴᠦᠷᠬᠡᠭᠵᠢᠭᠦᠯᠵᠦ᠂ ᠠᠰᠠᠷ ᠤᠨ ᠨᠢᠭᠡᠴᠢ ᠶᠢᠨ ᠳᠠᠷᠤᠭ᠎ᠠ ᠶᠢᠨ ᠵᠠᠰᠠᠯᠲᠠ ᠶᠢ ᠵᠥᠪᠳᠡᠯᠴᠡᠬᠦ ᠲᠠᠪᠴᠠᠩ ᠤᠨ | ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠬᠥᠭᠵᠢᠭᠡᠵᠦ᠂ ᠠᠷᠠᠳ ᠤᠨ ᠡᠶᠡᠳᠡᠭᠦᠯᠬᠦ᠂ ᠵᠠᠰᠠᠭ ᠵᠠᠬᠢᠷᠭᠠᠨ ᠤ | ᠡᠶᠡᠳᠡᠭᠦᠯᠬᠦ᠂ ᠬᠠᠤᠯᠢ ᠴᠠᠭᠠᠵᠠ ᠶᠢᠨ ᠡᠶᠡᠳᠡᠭᠦᠯᠭᠡ ᠪᠠ ᠠᠵᠢᠯ ᠲᠥᠷᠥᠯ ᠤᠨ ᠴᠢᠨᠠᠷᠲᠠᠶ ᠲᠤᠰᠬᠠᠶ ᠮᠡᠷᠭᠡᠵᠢᠯ ᠤᠨ | ᠴᠢᠨᠠᠷᠲᠠᠶ ᠡᠶᠡᠳᠡᠭᠦᠯᠬᠦ ᠶᠢ ᠴᠢᠩᠭᠠᠳᠬᠠᠵᠤ᠂ ᠡᠯ᠎ᠡ ᠲᠥᠷᠥᠯ ᠤᠨ ᠵᠥᠷᠢᠴᠡᠯ ᠤᠨ ᠠᠶᠤᠯ ᠲᠦᠭᠰᠢᠭᠦᠷᠢ ᠶᠢ ᠡᠷᠲᠡ | ᠰᠢᠢᠳᠪᠦᠷᠢᠯᠡᠬᠦ᠂ ᠪᠠᠭ᠎ᠠ ᠳᠡᠭᠡᠷ᠎ᠡ ᠨᠢ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃ | | | | ᠲᠠᠷᠠᠭᠠᠴᠢ ᠶᠢᠨ ᠠᠯᠬᠤᠮ ᠳᠤ᠂ ᠰᠢᠨᠬᠤᠸᠠ ᠵᠡᠭᠡᠯᠢ ᠭᠤᠳᠤᠮᠵᠢ ᠶᠢᠨ ᠬᠢᠨ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ | ᠲᠥᠷᠥᠯ ᠤᠨ ᠠᠰᠠᠭᠤᠳᠠᠯ ᠢ ᠰᠡᠷᠭᠡᠶᠢᠯᠡᠨ ᠡᠵᠡᠮᠳᠡᠵᠦ ᠪᠣᠯᠬᠤ ᠶᠢ ᠪᠡᠶᠡᠯᠡᠭᠦᠯᠵᠦ᠂ ᠡᠯ᠎ᠡ ᠲᠥᠷᠥᠯ ᠤᠨ ᠵᠥᠷᠢᠴᠡᠯ | ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠨᠠᠷᠢᠨ ᠨᠢᠮᠪᠠᠶ ᠰᠠᠶᠢᠲᠤᠷ ᠬᠢᠨ᠎ᠠ᠃ ᠵᠢᠭᠰᠠᠭᠠᠨ | ᠪᠠᠶᠢᠴᠠᠭᠠᠬᠤ᠂ ᠢᠯᠡᠷᠡᠭᠦᠯᠬᠦ ᠠᠴᠠ ᠰᠢᠢᠳᠪᠦᠷᠢᠯᠡᠬᠦ ᠬᠦᠷᠲᠡᠯᠡᠬᠢ ᠪᠦᠷᠢᠨ ᠪᠦᠲᠦᠨ ᠠᠵᠢᠯ ᠤᠨ ᠪᠢᠲᠡᠭᠦᠦ ᠴᠠᠭᠠᠷᠢᠭ ᠢ | ᠪᠠᠶᠢᠭᠤᠯᠵᠤ᠂ ᠶᠡᠷᠦᠩᠬᠡᠶᠢᠯᠡᠨ ᠵᠠᠰᠠᠬᠤ ᠲᠥᠪ ᠤᠨ ᠪᠠᠶᠢᠭᠤᠯᠤᠯᠲᠠ ᠶᠢ ᠬᠦᠴᠦᠲᠡᠶ ᠳᠥᠯᠭᠢᠨ ᠠᠬᠢᠭᠤᠯᠵᠤ᠂ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃ |