ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠶ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠳᠤ ᠪᠠᠶᠢᠴᠠᠭᠠᠨ ᠰᠤᠳᠤᠯᠤᠯᠲᠠ ᠬᠢᠵᠦ᠂ ᠲᠣᠭᠤᠷᠢᠭ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠲᠣᠭᠤᠷᠢᠭ ᠤᠨ ᠤᠳᠤᠷᠢᠳᠤᠯᠭ᠎ᠠ ᠪᠠᠶ ᡁᠢ ᠯᠦᠩ ᠣᠷᠣᠯᠴᠠᠵᠠᠶ᠃ | ᠭᠦᠸᠧ ᠢ ᠵᠢᠶᠧ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠲᠤᠭᠤᠷᠢᠭ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠰᠠᠬᠢᠯᠭ᠎ᠠ | ᠪᠠᠲᠤ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ᠂ ᠤᠳᠤᠷᠢᠳᠬᠤ ᠪᠠᠭ ᠤᠨ ᠡᠩᠨᠡᠭᠡᠨ ᠤ ᠪᠠᠶᠢᠭᠤᠯᠤᠯᠲᠠ ᠵᠡᠷᠭᠡ | ᠲᠠᠯ᠎ᠠ ᠶᠢᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠡᠯ᠎ᠡ | ᠵᠦᠢᠯ ᠤᠨ ᠦᠢᠯᠡᠰ ᠤᠨ ᠬᠥᠭᠵᠢᠯᠲᠡ ᠳᠤ ᠴᠢᠩᠭ᠎ᠠ ᠬᠦᠴᠦᠲᠡᠢ ᠬᠢᠨᠠᠯᠲᠠ ᠪᠠᠲᠤᠯᠠᠭ᠎ᠠ ᠬᠠᠩᠭᠠᠪᠠ᠃ | ᠭᠦᠸᠧ ᠢ ᠵᠢᠶᠧ ᠴᠢᠬᠤᠯᠠᠴᠢᠯᠠᠭᠰᠠᠨ ᠨᠢ᠂ ᠢᠯᠵᠢᠷᠡᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ ᠪᠠᠲᠤᠯᠠᠵᠤ | ᠂ ᠡᠷᠬᠡ ᠠᠰᠢᠭ ᠲᠦᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭ ᠳᠡᠯᠪᠡᠭ ᠪᠠᠶᠢᠬᠤ ᠵᠡᠷᠭᠡ | ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠲᠠᠯᠪᠢᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠦᠷᠦᠯ ᠤᠨ ᠢᠯᠵᠠᠷᠠᠯ ᠤᠨ ᠠᠰᠠᠭᠤᠳᠠᠯ ᠢ ᠭᠦᠨᠵᠡᠭᠡᠢ ᠠᠭᠤᠳᠠᠯᠤᠨ | ᠲᠦᠢᠯᠪᠤᠷᠢᠲᠠᠢ ᠪᠠᠶᠢᠴᠠᠭᠠᠬᠤ ᠬᠡᠷᠡᠭᠲᠡᠢ᠃ ᠬᠤᠯᠪᠣᠭᠳᠠᠯ ᠪᠦᠬᠦᠢ ᠲᠦᠷᠢᠮ ᠲᠣᠭᠲᠠᠴᠠ ᠶᠢ ᠴᠢᠨᠠᠭᠰᠢᠳᠠ | ᠲᠡᠭᠦᠯᠳᠡᠷᠵᠢᠭᠦᠯᠵᠦ᠂ ᠲᠦᠷᠢᠮ ᠢ ᠬᠡᠷᠡᠭᠵᠢᠭᠦᠯᠬᠦ ᠶᠠᠪᠤᠴᠠ ᠶᠢᠨ ᠪᠦᠲᠦᠮᠵᠢᠲᠡᠢ ᠬᠢᠨᠠᠯᠲᠠ ᠶᠢ ᠴᠢᠩᠭᠠᠳᠬᠠᠵᠤ᠂ | ᠦᠷᠭᠦᠯᠵᠢᠯᠡᠨ ᠬᠦᠴᠦᠯᠡᠵᠦ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ | ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ | ᠡᠯ᠎ᠡ ᠵᠦᠢᠯ ᠤᠨ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ︽ᠲᠦᠷᠪᠡᠨ ᠰᠤᠷᠲᠠᠯ︾ ᠤᠨ | ᠠᠰᠠᠭᠤᠳᠠᠯ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠬᠤ ᠬᠡᠷᠡᠭᠲᠡᠢ᠃ ᠴᠠᠭᠳᠠᠨ ᠪᠠᠶᠢᠴᠠᠭᠠᠬᠤ ᠠᠵᠢᠯ ᠳᠤ | ᠠᠰᠠᠭᠤᠳᠠᠯ ᠢ ᠢᠯᠡᠷᠡᠭᠦᠯᠬᠦ ᠴᠢᠳᠠᠪᠤᠷᠢ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠰᠦᠪᠡᠭᠴᠢ ᠶᠢ ᠴᠠᠭ ᠲᠤᠬᠠᠶ ᠳᠤᠨᠢ | ᠰᠢᠯᠵᠢᠭᠦᠯᠦᠨ ᠲᠤᠰᠢᠶᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ᠂ ︽ | ᠬᠤᠷᠴᠠ ᠰᠡᠯᠡᠮ᠎ᠡ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ | ᠬᠡᠷᠡᠭᠵᠢᠭᠦᠯᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ ᠢ | ᠴᠢᠩᠭᠠᠳᠬᠠᠵᠤ᠂ ᠳᠡᠷᠭᠡᠳᠡᠬᠢ ᠬᠥᠮᠦᠰ ᠤᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠨᠠᠮ ᠤᠨ ᠭᠡᠰᠢᠭᠦᠨ ᠺᠠᠳ᠋ᠷᠴᠤᠳ ᠢ | ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠬᠤ ᠶᠢ ᠬᠥᠮᠦᠵᠢᠭᠦᠯᠬᠦ | ᠬᠡᠷᠡᠭᠲᠡᠶ ᠭᠡᠪᠡ᠃ |