ᠵᠠᠰᠠᠭ ᠤᠨ ᠣᠷᠳᠣᠨ ᠤ ᠠᠵᠢᠯ ᠤᠨ ᠢᠯᠡᠳᠬᠡᠯ ( 2025 ᠤᠨ︶
ᠨᠡᠶᠢᠲᠡᠯᠡᠭᠰᠡᠨ ᠴᠠᠭ᠄
2025/2/23

    2025 ᠣᠨ ᠤ 1 ᠰᠠᠷ᠎ᠠ ᠶᠢᠨ 4 ᠤ ᠡᠳᠦᠷ  ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ

ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠡᠭᠡᠷ᠎ᠡ

     

     ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ     ᠼᠦᠢ ᠬᠤᠩ

ᠪᠥᠸᠧ

ᠲᠥᠯᠥᠭᠡᠯᠡᠭᠴᠢᠳ ᠡ᠄

   

    ᠤᠳᠤ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠤᠭᠡᠯᠡᠨ ᠶᠡᠭᠡ ᠬᠤᠷᠠᠯ ᠳᠤ ᠠᠵᠢᠯ ᠢᠶᠠᠨ

ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ

ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃

   

    ᠨᠢᠭᠡ᠂ 2024 ᠣᠨ ᠤ ᠠᠵᠢᠯ ᠤᠨ ᠡᠷᠭᠢᠴᠡᠭᠦᠯᠦᠯ

   

    ᠥᠩᠭᠡᠷᠡᠭᠰᠡᠨ ᠨᠢᠭᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ

ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠃ ᠪᠢᠳᠡ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ

ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ

ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ

ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ

ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ

ᠤᠶᠠᠯᠳᠤᠭᠤᠯᠵᠤ᠂ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ

ᠢᠨᠵᠧᠨᠧᠷᠢᠩ︾ ᠪᠣᠯᠤᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠯᠠᠪᠳᠠᠭᠤᠨ ᠪᠠᠲᠤᠲᠠᠢ

ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠣᠭᠲᠠᠭᠤᠨ ᠤ ᠳᠤᠮᠳᠠ ᠤᠷᠤᠭᠰᠢᠯᠠᠬᠤ᠂

ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ᠂ ᠲᠣᠭᠲᠠᠭᠤᠨ ᠤ ᠳᠤᠮᠳᠠ ᠨᠥᠭᠡᠴᠡ ᠬᠦᠴᠦᠨ ᠢ

ᠠᠬᠢᠭᠤᠯᠬᠤ ᠶᠢ ᠠᠬᠢᠭᠤᠯᠪᠠ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ

ᠬᠤᠭᠤᠴᠠᠭᠠᠨ ᠤ ᠬᠢ ᠠᠴᠠ 2.5% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ

ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ

ᠣᠷᠣᠭᠤᠯᠤᠯᠲᠠ 58.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ

ᠣᠷᠣᠯᠭ᠎ᠠ 39.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ

ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 3% ᠪᠠᠷ ᠨᠡᠮᠡᠭᠳᠡᠵᠦ᠂ ᠪᠥᠬᠦ ᠰᠠᠭᠤᠭᠠᠯᠢ

ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 4% ᠪᠠᠷ

ᠨᠡᠮᠡᠭᠳᠡᠪᠡ᠃

    ᠡᠨᠡ ᠨᠢᠭᠡ ᠵᠢᠯ ᠳᠤ᠂ ᠦᠨᠳᠦᠰᠦ ᠪᠠᠨ ᠪᠠᠬᠢᠵᠢᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢᠨ ᠬᠠᠮᠲᠤ᠂

ᠭᠤᠤᠯᠯᠠᠬᠤ ᠠᠵᠤ ᠦᠢᠯᠡᠰ ᠤᠨ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠤᠨ ᠰᠢᠨ᠎ᠡ ᠶᠢ ᠡᠭᠦᠳᠦᠨ ᠲᠠᠰ

ᠳᠡᠪᠰᠢᠪᠡ᠃ ︽ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ

ᠲᠡᠳᠬᠦᠨ ᠲᠤᠰᠠᠯᠠᠬᠤ︾ ᠥᠪᠡᠷᠮᠢᠴᠡ ᠣᠨᠴᠠᠯᠢᠭ ᠲᠠᠢ ᠨᠢᠭᠡ ᠶᠠᠪᠤᠳᠠᠯ ᠨᠢ ᠪᠥᠬᠦ ᠤᠯᠤᠰ ᠤᠨ ᠲᠣᠭᠠᠴᠢᠯᠠᠭᠰᠠᠨ

ᠡᠨᠧᠷᠭᠢ ᠣᠯᠭᠤᠬᠤ ᠠᠯᠲᠠᠨ ᠲᠦᠯᠬᠢᠭᠦᠷ ᠤᠨ ᠱᠠᠩᠨᠠᠯ ᠢ ᠭᠥᠷᠳᠡᠵᠦ᠂ ᠪᠥᠬᠦ ᠤᠯᠤᠰ ᠤᠨ ᠰᠢᠶᠠᠨ ᠤ ᠬᠡᠪᠴᠢᠶᠡᠨ ᠤ

ᠬᠤᠳᠠᠯᠳᠤᠭᠠᠨ ᠤ ︽ᠳᠠᠭᠠᠭᠤᠯᠤᠭᠴᠢ ᠰᠢᠶᠠᠨ︾ ᠳᠤ ᠠᠮᠵᠢᠯᠲᠠ ᠲᠠᠢ ᠰᠣᠩᠭᠤᠭᠳᠠᠪᠠ᠃  ᠵᠢᠶᠠᠨ ᠯᠦᠩ

ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠸᠠᠨ ᠲᠧᠩ ᠠᠵᠤ ᠦᠢᠯᠡᠳᠪᠦᠷᠢᠵᠢᠯᠲᠡ ᠪᠠ ᠮᠡᠳᠡᠭᠡ

ᠵᠠᠩᠭᠢᠵᠢᠯᠲᠠ ᠶᠢᠨ ᠬᠠᠮᠢᠶᠠᠷᠤᠯᠲᠠ ᠶᠢᠨ ᠰᠢᠰᠲ᠋ᠧᠮ ᠨᠢ ᠤᠯᠤᠰ ᠤᠨ ᠬᠠᠮᠤᠭ ᠤᠨ ᠳᠡᠭᠡᠳᠦ ᠲᠠᠰ ᠤᠨ ᠭᠡᠷᠡᠴᠢᠯᠡᠯ ᠢ

ᠣᠯᠵᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠢ

ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ

ᠦᠢᠯᠡᠰ ᠤᠨ ᠪᠥᠭᠡᠮᠨᠡᠷᠡᠯ ᠢᠶᠠᠷ ᠮᠠᠭᠠᠳᠯᠠᠨ ᠲᠣᠭᠲᠠᠭᠠᠪᠠ᠃ ᠰᠠᠭᠤᠷᠢ ᠶᠢ ᠪᠠᠬᠢᠵᠢᠭᠦᠯᠬᠦ ᠶᠢᠨ ᠬᠠᠮᠲᠤ᠂ ᠠᠷᠠᠳ ᠤᠨ

ᠠᠮᠢᠳᠤᠷᠠᠯ ᠤᠨ ᠦᠢᠯᠡᠰ ᠢᠯᠡᠳᠲᠡ ᠳᠠᠪᠰᠢᠯᠲᠠ ᠲᠠᠢ ᠪᠣᠯᠪᠠ᠃ ᠵᠢᠯ ᠤᠨ ᠡᠬᠢᠨ ᠳᠤ ᠠᠮᠠᠯᠳᠠᠭᠰᠠᠨ ᠠᠷᠠᠳ ᠤᠨ

ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ

ᠡᠭᠦᠳᠦᠨ ᠪᠠᠶᠢᠭᠤᠯᠬᠤ ᠠᠵᠢᠯ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠵᠢᠱᠢᠶ᠎ᠡ ᠦᠵᠡᠭᠦᠯᠬᠦ ᠨᠢᠭᠡᠴᠡ ᠶᠢ 109

ᠪᠣᠯᠭᠠᠪᠠ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ

ᠬᠥᠭᠵᠢᠯᠲᠡ ᠶᠢ ᠡᠭᠦᠳᠦᠨ ᠪᠠᠶᠢᠭᠤᠯᠬᠤ ᠰᠢᠯᠭᠠᠨ ᠪᠠᠶᠢᠴᠠᠭᠠᠯᠲᠠ ᠶᠢ ᠤᠷᠤᠭᠰᠢᠲᠠᠶ ᠥᠩᠭᠡᠷᠡᠭᠦᠯᠪᠡ᠃ ᠤᠮᠠᠷᠠᠲᠤ

ᠬᠡᠰᠡᠭ ᠤᠨ ᠠᠷᠤ ᠶᠢᠨ ᠠᠵᠢᠯᠴᠢᠨ ᠤ ᠵᠠᠬ᠎ᠠ ᠳᠡᠯᠭᠡᠭᠦᠷ ᠤᠯᠤᠰ ᠤᠨ ᠳᠡᠰ ᠤᠨ ᠣᠯᠠᠨ ᠨᠡᠢᠲᠡ ᠶᠢᠨ ᠠᠵᠢᠯ ᠣᠯᠭᠤᠬᠤ

ᠦᠢᠯᠡᠴᠢᠯᠡᠭᠡᠨ ᠤ ᠲᠥᠷᠥᠯ ᠵᠦᠢᠯ ᠤᠨ ᠭᠤᠷᠪᠠᠳᠤᠭᠠᠷ ᠳᠡᠰ ᠤᠨ ᠱᠠᠩᠨᠠᠯ ᠢ ᠬᠦᠷᠲᠡᠪᠡ᠃ 2.5 ᠲᠦᠮᠡᠨ

ᠡᠷᠦᠬᠡ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠰᠢᠢᠳᠪᠦᠷᠢᠯᠡᠵᠦ᠂ ᠥᠪᠡᠷᠲᠡᠭᠡᠨ ᠵᠠᠰᠠᠬᠤ

ᠣᠷᠣᠨ ᠳᠤ ᠨᠢᠭᠡ  ᠮᠦᠴᠡᠳᠤ ᠠᠮᠢᠳᠤᠷᠠᠯ ᠤᠨ ᠲᠣᠭᠤᠷᠢᠭ ᠤᠨ ᠪᠦᠬᠦᠨ ᠢ ᠬᠠᠮᠤᠷᠬᠤ ᠶᠢ ᠡᠩ ᠲᠡᠷᠢᠭᠦᠨ ᠳᠤ

ᠪᠡᠶᠡᠯᠡᠭᠦᠯᠵᠦ᠂ ᠲᠤᠯᠤᠭᠠᠨ ᠮᠤᠵᠢ ᠬᠤᠲᠠ ᠶᠢᠨ ᠨᠢᠭᠡ  ᠮᠦᠴᠡᠳᠤ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ

ᠲᠣᠭᠤᠷᠢᠭ ᠤᠨ ᠲᠤᠬᠠᠶ ᠶᠢᠨ ᠲᠠᠯᠠᠪᠤᠷ ᠤᠨ ᠬᠤᠷᠠᠯ ᠢ ᠠᠮᠵᠢᠯᠲᠠ ᠲᠠᠢ ᠳᠠᠭᠠᠭᠠᠨ ᠡᠷᠭᠢᠯᠡᠪᠡ᠃

    ᠨᠢᠭᠡ ᠵᠢᠯ ᠤᠨ ᠲᠤᠷᠰᠢ᠂ ᠪᠢᠳᠡ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠨᠡ ᠬᠦ ᠲᠡᠷᠢᠭᠦᠨ ᠴᠢᠬᠤᠯᠠ

ᠡᠭᠦᠷᠭᠡ ᠶᠢᠨ ᠲᠣᠭᠤᠷᠢᠨ ᠳᠤ ᠭᠤᠣᠯᠳᠠᠭᠤ ᠳᠣᠣᠷᠠᠬᠢ ᠠᠵᠢᠯ ᠤᠳ ᠢ ᠬᠢᠪᠡ᠃

    ᠨᠢᠭᠡ ᠳᠤ ᠠᠵᠤ ᠠᠬᠤᠶ ᠶᠢᠨ ᠬᠥᠭᠵᠢᠯᠲᠡ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠪᠠ᠃ ᠲᠣᠭᠲᠠᠭᠤᠨ

ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ

ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠂ ᠳᠡᠭᠡᠳᠦ ᠱᠠᠲᠤᠨ ᠤ ᠪᠠᠯᠠ ᠮᠥᠩᠭᠦ ᠶᠢ 17.9 ᠳ᠋ᠦᠩᠰᠢᠭᠤᠷ

ᠲᠥᠭᠦᠷᠢᠭ ᠤᠯᠬᠤ ᠪᠠᠷ ᠴᠢᠷᠮᠠᠶᠢᠵᠤ᠂ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ

ᠲᠤᠭ᠎ᠠ ᠠᠳᠠᠯᠢ ᠬᠤᠭᠤᠴᠠᠭᠠᠨ ᠤ ᠬᠢ ᠠᠴᠠ 17.6% ᠪᠠᠷ ᠨᠡᠮᠡᠭᠳᠡᠨ᠂ ᠡᠯ᠎ᠡ ᠲᠥᠷᠥᠯ ᠤᠨ ᠡᠵᠡᠩᠨᠡᠯᠲᠡ ᠶᠢᠨ

7000 ᠰᠢᠬᠠᠮ ᠭᠤᠤᠯ ᠴᠣᠭᠴᠠ ᠶᠢ ᠢᠲᠡᠭᠡᠮᠵᠢᠲᠦ ᠵᠢᠭᠡᠯᠡᠯᠭᠡ ᠶᠢᠨ ᠲᠠᠪᠴᠠᠩ ᠳᠤ ᠣᠷᠣᠭᠤᠯᠵᠤ᠂ ᠠᠵᠤ

ᠠᠬᠤᠶᠢᠯᠠᠯ ᠤᠨ ᠭᠠᠶᠢᠯᠢ ᠰᠤᠶᠢᠤᠡᠭᠡᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠪᠡ᠃ ᠬᠦᠴᠦᠨ ᠢᠶᠠᠨ

ᠲᠥᠪᠯᠡᠷᠡᠭᠦᠯᠦᠨ ᠲᠥᠷᠥᠯ ᠵᠤᠶᠢᠯ ᠢ ᠠᠳᠬᠤᠵᠤ᠂ 63 ᠭᠤᠤᠯᠳᠠᠯᠭ᠎ᠠ ᠲᠠᠢ ᠲᠥᠷᠥᠯ ᠵᠤᠶᠢᠯ ᠢ ᠬᠡᠷᠡᠭᠵᠢᠭᠦᠯᠦᠨ᠂

ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠶᠢ 100% ᠳᠤ ᠬᠦᠷᠦᠭᠦᠯᠵᠦ᠂ ᠪᠣᠳᠠᠲᠠᠶᠢᠵᠢᠭᠤᠯᠤᠭᠰᠠᠨ ᠪᠠᠯᠠ

ᠮᠥᠩᠭᠦ ᠶᠢ 45 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠪᠠ᠃ ᠠᠭᠤᠷᠬᠠᠶ ᠶᠢᠨ ᠡᠷᠬᠡ᠂ ᠨᠡᠭᠦᠷᠡᠰᠦ ᠶᠢ

ᠤᠬᠢᠶᠠᠵᠤ ᠰᠢᠯᠢᠬᠦ ᠠᠵᠢᠯ ᠢ ᠡᠮᠬᠢᠯᠡᠨ ᠨᠡᠶᠢᠯᠡᠭᠦᠯᠬᠦ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠶᠦᠩ

ᠯᠢ ᠵᠢᠶ ᠬᠤᠶᠠᠷᠴᠢ ᠨᠢᠲᠷᠢᠯ ᠠᠵᠤ ᠦᠢᠯᠡᠳᠪᠦᠷᠢ ᠶᠢᠨ ᠨᠢᠯᠦᠨ ᠨᠥᠭᠡᠴᠡᠯᠡᠬᠦ᠂ ᠵᠦᠩ ᠷᠦᠨ ᠰᠢᠨ ᠳ᠋ᠧ ᠴᠤᠤ ᠬᠡᠢ

ᠴᠠᠷᠴᠠᠮᠠᠯ ᠴᠠᠪᠠᠤ ᠶᠢ ᠤᠭᠰᠠᠷᠠᠬᠤ ᠵᠡᠷᠭᠡ 33 ᠴᠢᠬᠤᠯᠠ ᠶᠡᠭᠡ ᠵᠦᠢᠯᠡᠰ ᠢ ᠨᠥᠭᠡᠴᠡᠯᠡᠪᠡ᠃ ᠬᠡᠯᠪᠡᠷᠢ ᠪᠠᠨ

ᠬᠤᠪᠢᠷᠠᠭᠤᠯᠬᠤ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠴᠢᠩ ᠲᠤᠤ ᠶᠢᠨ ᠬᠠᠲᠠᠭᠤ ᠲᠦᠯᠦᠪᠳᠦ ᠯᠢᠲ᠋ᠢ

ᠴᠠᠬᠢᠯᠭᠠᠨ ᠴᠡᠨᠡᠭ ᠤᠨ ᠠᠷᠭ᠎ᠠ ᠲᠦᠢᠯ ᠤᠨ ᠮᠠᠲ᠋ᠧᠷᠢᠶᠠᠯ ᠤᠨ ᠨᠢᠭᠡᠳᠦᠭᠡᠷ ᠬᠤᠭᠤᠴᠠᠭ᠎ᠠ᠂ ᠸᠠᠨ ᠰᠧ ᠲᠦᠩ ᠤᠨ

ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠢᠷᠢᠳᠢ

ᠮᠤᠯᠢᠪᠳᠧᠨ ᠤ ᠰᠢᠨ᠎ᠡ ᠡᠨᠧᠷᠭᠢ ᠶᠢᠨ ᠤᠶᠤᠨᠲᠤ ᠠᠭᠤᠷᠬᠠᠶ ᠶᠢᠨ ᠺᠠᠷᠲ ᠤᠨ ᠭᠤᠣᠯ ᠴᠣᠭᠴᠠ ᠶᠢ ᠪᠠᠶᠢᠭᠤᠯᠤᠨ

ᠪᠦᠲᠦᠭᠡᠵᠦ᠂ ᠳᠥᠷᠪᠡᠳᠦᠭᠡᠷ ᠦᠶ᠎ᠡ ᠶᠢᠨ ᠦᠢᠯᠡᠳᠬᠦᠨ ᠢ ᠵᠠᠬ᠎ᠠ ᠳᠡᠯᠭᠡᠭᠦᠷ ᠲᠤ ᠭᠠᠷᠭᠠᠬᠤ ᠭᠡᠵᠦ ᠪᠠᠶᠢᠭ᠎ᠠ ᠦᠶ᠎ᠡ ᠳᠤ

᠂ ᠵᠢᠩ ᠱᠧᠩ ᠭᠡᠷᠡᠯ ᠴᠡᠨᠡᠭ ᠤᠨ ᠲᠤᠨᠤᠭ ᠲᠥᠬᠦᠭᠡᠷᠦᠮᠵᠢ ᠵᠡᠷᠭᠡ 4 ᠪᠠᠶᠢᠯᠳᠤᠬᠤ ᠪᠤᠳᠤᠯᠭ᠎ᠠ ᠶᠢᠨ ᠴᠢᠨᠠᠷᠲᠠᠶ

ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠦᠷᠭᠡᠪᠴᠢᠯᠡᠨ ᠬᠡᠷᠡᠭᠵᠢᠭᠦᠯᠪᠡ᠃ 75 ᠲᠦᠮᠡᠨ ᠪᠣᠰᠤᠭ᠎ᠠ

ᠳᠥᠷᠪᠡᠯᠵᠢᠨ ᠮᠧᠲᠷ ᠤᠰᠤᠨ ᠤ ᠡᠷᠬᠡ ᠶᠢ ᠴᠢᠷᠮᠠᠶᠢᠨ ᠣᠯᠵᠤ᠂ 230 ᠮᠥ ᠲᠠᠷᠢᠶᠠᠨ ᠭᠠᠵᠠᠷ ᠤᠨ ᠭᠦᠢᠴᠡᠤᠡᠭᠡᠯ

ᠲᠤᠭ᠎ᠠ ᠶᠢ ᠨᠥᠬᠦᠪᠥᠷᠢᠯᠡᠨ᠂ 11 ᠴᠠᠬᠢᠯᠭᠠᠨ ᠥᠷᠲᠡᠭᠡ ᠨᠡᠮᠡᠵᠦ᠂ 110KV ᠴᠠᠬᠢᠯᠭᠠᠨ ᠬᠦᠷᠭᠡᠬᠦ ᠱᠤᠭᠤᠮ ᠢ

ᠴᠢᠩ ᠲᠦᠦ ᠢᠵᠢ ᠪᠥᠷᠢᠳᠦᠭᠦᠯᠦᠨ᠂ ᠭᠠᠯ ᠤᠨᠲᠠᠷᠠᠭᠠᠬᠤ ᠣᠨᠴᠠ ᠤᠶᠢᠯᠡᠴᠢᠯᠡᠭᠡᠨ ᠤ ᠥᠷᠲᠡᠭᠡ ᠵᠡᠷᠭᠡ 4 ᠲᠥᠷᠥᠯ

ᠵᠤᠶᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ

ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠷᠭ᠎ᠠ ᠪᠦᠬᠦᠨ ᠢ ᠰᠦᠪᠡᠭᠴᠢᠯᠡᠨ ᠬᠡᠷᠡᠭᠯᠡᠭᠡ ᠶᠢ ᠠᠬᠢᠭᠤᠯᠵᠤ᠂ ᠣᠶ

ᠰᠢᠭᠤᠶ ᠪᠠᠷ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂

50 ᠨᠠᠷᠠᠲᠤ ᠲᠡᠮᠳᠡᠭᠲᠦ ᠶᠢᠨ ᠠᠩᠬᠠᠨ ᠤ ᠳᠡᠯᠭᠡᠭᠦᠷ ᠢ ᠣᠷᠣᠭᠤᠯᠤᠨ ᠠᠪᠴᠢᠷᠠᠵᠤ᠂ 40 ᠭᠠᠷᠤᠶ ᠲᠠᠯᠠᠪᠤᠷ

ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠡᠷᠭᠢᠯᠡᠵᠦ᠂ 12.4 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ

ᠳᠠᠶᠢᠴᠢᠯᠠᠪᠠ᠃ ᠪᠦᠬᠦ ᠵᠢᠯ ᠳᠤ ᠬᠦᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ 382.5 ᠲᠦᠮᠡᠨ ᠬᠥᠮᠦᠨ

ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45.4% ᠨᠡᠮᠡᠭᠳᠡᠵᠦ᠂ 27.5 ᠳ᠋ᠦᠩᠰᠢᠭᠤᠷ

ᠲᠥᠭᠦᠷᠢᠭ ᠤᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 59.7% ᠪᠠᠷ ᠨᠡᠮᠡᠭᠳᠡᠪᠡ᠃

ᠮᠥᠩᠭᠦᠨ ᠭᠥᠢᠯᠭᠡᠭᠡᠨ ᠤ  ᠤᠶᠢᠯᠡᠰ  ᠤᠨ ᠨᠡᠮᠡᠭᠳᠡᠯ ᠥᠷᠲᠡᠭ 13.5 ᠳ᠋ᠦᠩᠰᠢᠭᠤᠷ ᠲᠥᠭᠦᠷᠢᠭ ᠲᠤ ᠬᠦᠷᠴᠦ᠂

ᠠᠳᠠᠯᠢ ᠬᠤᠭᠤᠴᠠᠭᠠᠨ ᠤ ᠬᠢ ᠠᠴᠠ 17.1% ᠪᠠᠷ ᠨᠡᠮᠡᠭᠳᠡᠪᠡ᠃ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ

ᠶᠡᠷᠦᠩᠬᠡᠢ  ᠬᠡᠮᠵᠢᠶ᠎ᠡ 8100 ᠲᠦᠮᠡᠨ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 22.

3% ᠢᠶᠠᠷ ᠨᠡᠮᠡᠭᠳᠡᠵᠡᠢ᠃ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠲᠠᠷᠢᠶᠠᠯᠠᠩ᠂ ᠠᠮᠤ ᠪᠤᠳᠠᠭ᠎ᠠ

᠂ ᠢᠳᠡᠰᠢᠨ ᠨᠣᠭᠤᠭ᠎ᠠ ᠶᠢᠨ ᠲᠠᠷᠢᠮᠠᠯ ᠤᠨ ᠲᠠᠯᠠᠪᠠᠢ᠂ ᠤᠨᠠᠯᠲᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠥᠨᠳᠥᠷ

ᠪᠠᠷᠢᠮᠵᠢᠶᠠᠲᠤ ᠲᠠᠷᠢᠶᠠᠨ ᠭᠠᠵᠠᠷ ᠢ 6543 ᠮᠦ ᠪᠠᠶᠢᠭᠤᠯᠪᠠ᠃ 50 ᠲᠣᠰᠬᠤᠨ ᠤ ᠬᠠᠮᠲᠤ ᠶᠢᠨ ᠠᠵᠤ ᠠᠬᠤᠶ ᠶᠢᠨ

ᠵᠢᠯ ᠤᠨ ᠠᠰᠢᠭ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠵᠦ᠂ ᠵᠢᠯ ᠤᠨ ᠭᠠᠭ᠋ᠠᠶ ᠶᠢᠨ ᠪᠠᠶᠠᠷ

ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠠᠵᠢᠯᠯᠠᠭ᠎ᠠ ᠨᠢ ᠲᠣᠰᠬᠤᠨ ᠤ ᠠᠷᠠᠳ ᠤᠨ ᠣᠷᠣᠯᠭ᠎ᠠ ᠶᠢ 160

ᠲᠦᠮᠡ ᠰᠢᠬᠠᠮ ᠲᠥᠭᠦᠷᠢᠭ ᠳᠠᠶᠢᠴᠢᠯᠠᠪᠠ᠃ ᠦᠬᠠᠶ ᠶᠢᠨ ᠦᠵᠦᠮ ︽ᠳᠤᠮᠳᠠᠳᠤ ᠤᠯᠤᠰ ᠤᠨ ᠲᠠᠷᠢᠶᠠᠯᠠᠩ ᠤᠨ

ᠨᠠᠷᠠᠲᠤ ᠲᠡᠮᠳᠡᠭ ᠤᠨ ᠨᠡᠷᠡᠰ ᠤᠨ ᠵᠢᠭᠰᠠᠭᠠᠯᠲᠠ︾ ᠳᠤ ᠰᠣᠩᠭᠤᠭᠳᠠᠪᠠ᠃         

    ᠬᠤᠶᠠᠷ ᠲᠤ᠂ ᠠᠮᠢ ᠠᠬᠤᠢ ᠶᠢᠨ ᠰᠠᠭᠤᠷᠢ ᠦᠩᠭᠡ ᠨᠠᠩ ᠦᠵᠡᠰᠬᠦᠯᠡᠩᠲᠦ ᠰᠠᠶᠢᠬᠠᠨ ᠪᠣᠯᠪᠠ᠃

ᠦᠵᠡᠰᠬᠦᠯᠡᠩᠲᠦ ᠰᠠᠶᠢᠬᠠᠨ ᠬᠠᠶᠢᠷᠤᠪ ᠤᠨ ᠲᠤᠬᠤᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ

ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ ᠬᠦᠴᠦᠨ ᠢᠶᠠᠷ ᠠᠬᠢᠭᠤᠯᠪᠠ᠃ ᠠᠭᠤᠷᠬᠠᠶ ᠶᠢᠨ ᠣᠷᠣᠨ ᠤ ᠵᠠᠰᠠᠯᠲᠠ ᠶᠢ ᠪᠥᠬᠦ

ᠲᠠᠯ᠎ᠠ ᠪᠠᠷ ᠳᠥᠯᠭᠢᠨ ᠠᠬᠢᠭᠤᠯᠵᠤ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢ 190 ᠲᠦᠮᠡᠨ ᠲᠡᠭᠰᠢ

ᠳᠥᠷᠪᠡᠯᠵᠢᠨ ᠮᠧᠲᠷ ᠲᠥᠪᠯᠡᠷᠡᠭᠦᠯᠦᠨ ᠵᠠᠰᠠᠵᠤ᠂ ᠴᠠᠪᠴᠢᠷ ᠠᠭᠤᠷᠬᠠᠶ ᠶᠢᠨ ᠣᠷᠣᠨ ᠤ ᠠᠮᠢ ᠠᠬᠤᠶ ᠶᠢ 28 ᠲᠦᠮᠡᠨ

ᠲᠡᠭᠰᠢ ᠳᠥᠷᠪᠡᠯᠵᠢᠨ ᠮᠧᠲᠷ ᠰᠡᠷᠭᠦᠭᠡᠨ ᠵᠠᠰᠠᠵᠤ᠂ 2 ᠪᠣᠬᠢᠷᠲᠤᠯ ᠥᠬᠡᠶ ᠠᠭᠤᠷᠬᠠᠶ ᠶᠢ ᠰᠢᠨ᠎ᠡ ᠪᠠᠷ ᠨᠡᠮᠡᠭᠳᠡᠭᠦᠯᠪᠡ᠃

ᠠᠭᠠᠷ ᠮᠠᠨᠳᠠᠯ ᠤᠨ ᠵᠠᠰᠠᠯᠲᠠ ᠨᠠᠷᠢᠯᠢᠭ ᠣᠨᠣᠴᠠᠲᠠᠶ ᠪᠦᠲᠦᠮᠵᠢᠲᠡᠶ ᠪᠠᠶᠢᠵᠤ᠂ ᠠᠭᠠᠷ ᠮᠠᠨᠳᠠᠯ ᠤᠨ ᠣᠷᠴᠢᠨ

ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ 8 ᠲᠥᠷᠥᠯ ᠵᠦᠢᠯ ᠢ ᠪᠡᠶᠡᠯᠡᠭᠦᠯᠵᠦ᠂ ᠤᠬᠢᠶᠠᠵᠤ ᠰᠢᠯᠢᠬᠦ 5 ᠠᠵᠤ

ᠠᠬᠤᠶᠢᠯᠠᠯ ᠢ ᠰᠢᠭᠰᠢᠭᠳᠡᠭᠦᠯᠵᠦ᠂ ᠴᠠᠬᠢᠯᠭᠠᠨ ᠬᠦᠴᠦᠨ ᠤ ᠠᠵᠢᠯ ᠲᠥᠷᠥᠯ ᠪᠦᠬᠦᠨ ᠢᠶᠠᠷ ᠢᠶᠠᠨ ᠬᠡᠲᠦ ᠳᠣᠤᠷ᠎ᠠ

ᠭᠠᠳᠠᠭᠰᠢᠯᠠᠭᠤᠯᠤᠯᠲᠠ ᠶᠢ ᠪᠡᠶᠡᠯᠡᠭᠦᠯᠵᠦ᠂ ᠬᠡᠦᠷᠰᠢᠭᠦᠯᠬᠦ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠡᠲᠦ

ᠳᠣᠤᠷ᠎ᠠ ᠭᠠᠳᠠᠭᠰᠢᠯᠠᠭᠤᠯᠤᠯᠲᠠ ᠶᠢ ᠲᠦᠷᠭᠡᠳᠬᠡᠨ ᠥᠭᠡᠷᠡᠴᠢᠯᠡᠵᠦ᠂ PM 10 ᠥᠳᠬᠡᠴᠡ ᠶᠢ ᠲᠡᠤᠬᠡ ᠶᠢᠨ

ᠬᠠᠮᠤᠭ ᠤᠨ ᠳᠣᠤᠷ᠎ᠠ ᠬᠡᠮᠵᠢᠶᠡᠨ ᠳᠤ ᠬᠦᠷᠦᠭᠦᠯᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠨᠣᠷᠮ᠎ᠠ ᠶᠢ

ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4 ᠵᠠᠭᠤᠨ ᠤ ᠴᠡᠭ ᠨᠡᠮᠡᠭᠳᠡᠭᠦᠯᠪᠡ᠃ ᠬᠥᠷᠥᠰᠥ ᠰᠢᠷᠥᠢ ᠶᠢ

ᠰᠡᠷᠭᠡᠶᠢᠯᠡᠨ ᠵᠠᠰᠠᠬᠤ ᠶᠢ ᠵᠡᠷᠭᠡᠪᠡᠷ ᠬᠡᠷᠡᠭᠵᠢᠭᠦᠯᠵᠦ᠂ ᠴᠡᠭᠡᠯ ᠭᠤᠤ᠂ ᠠᠷᠤ ᠮᠤᠷᠤᠢ ᠭᠤᠤ ᠶᠢᠨ ᠭᠤᠤᠯ ᠤᠨ

ᠬᠠᠰᠢᠯᠭ᠎ᠠ ᠶᠢ 25.6  ᠺᠢᠯᠤᠮᠧᠲᠷ ᠰᠡᠯᠪᠢᠨ ᠵᠠᠰᠠᠵᠤ᠂ 13 ᠲᠦᠮᠡᠨ ᠪᠣᠰᠤᠭ᠎ᠠ ᠳᠥᠷᠪᠡᠯᠵᠢᠨ ᠮᠧᠲᠷ  ᠤᠨ ᠬᠤᠭ

ᠨᠣᠪᠰᠢ ᠶᠢ ᠴᠡᠪᠡᠷᠯᠡᠵᠦ᠂ ᠠᠭᠤᠯᠠᠨ ᠦᠶᠡᠷ ᠤᠨ ᠭᠤᠤ ᠶᠢ ᠶᠡᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠢ

ᠲᠦᠷᠭᠡᠳᠬᠡᠨ ᠬᠡᠷᠡᠭᠵᠢᠭᠦᠯᠪᠡ᠃ ᠬᠠᠲᠤᠨ ᠭᠤᠣᠯ ᠤᠨ ︽  几 ᠦᠰᠦᠭ︾ ᠤᠨ ᠪᠣᠭᠤᠮᠲᠠ ᠰᠢᠪᠲᠤᠯᠬᠤ

ᠳᠠᠶᠢᠯᠠᠯᠳᠤᠭᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ 1.6

ᠲᠦᠮᠡᠨ ᠮᠦ ᠡᠯᠡᠰᠦᠨ ᠴᠦᠯ ᠳᠤ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ︾ ᠶᠢ ᠪᠡᠶᠡᠯᠡᠭᠦᠯᠪᠡ᠃

    ᠭᠤᠷᠪᠠ ᠳᠤ ᠬᠤᠲᠠ ᠬᠥᠳᠡᠭᠡ ᠶᠢᠨ ᠷᠢᠳᠢ ᠰᠢᠳᠢ ᠶᠢ ᠪᠦᠬᠦ ᠲᠠᠯ᠎ᠠ ᠪᠠᠷ ᠢᠯᠡᠷᠡᠭᠦᠯᠵᠡᠢ᠃ ᠣᠷᠣᠰᠢᠨ

ᠰᠠᠭᠤᠬᠤ ᠳᠤ ᠲᠣᠬᠢᠷᠠᠮᠵᠢᠲᠠᠶ ᠣᠷᠴᠢᠨ ᠨᠥᠬᠦᠴᠡᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠲᠠ ᠶᠢ ᠰᠢᠨᠡᠳᠬᠡᠬᠦ

ᠭᠤᠷᠪᠠᠨ ᠵᠢᠯ ᠤᠨ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠪᠡ᠃ 51 ᠬᠠᠭᠤᠴᠢᠨ ᠲᠣᠭᠤᠷᠢᠭ᠂ 2 ᠪᠠᠶᠢᠰᠢᠩ

ᠬᠡᠷ ᠤᠨ ᠲᠣᠭᠤᠷᠢᠭ ᠤᠨ ᠥᠭᠡᠷᠡᠴᠢᠯᠡᠯᠲᠡ ᠶᠢ ᠤᠷᠤᠭᠰᠢᠲᠠᠶ ᠪᠡᠶᠡᠯᠡᠭᠦᠯᠵᠦ᠂ 2 ᠪᠠᠲᠤᠯᠠᠭ᠎ᠠ ᠶᠢᠨ ᠴᠢᠨᠠᠷᠲᠠᠶ ᠬᠢᠮᠳᠠ

ᠣᠷᠣᠨ ᠰᠠᠭᠤᠴᠠ ᠶᠢᠨ ᠢᠨᠵᠧᠨᠧᠷᠢᠩ ᠤᠷᠤᠭᠰᠢᠲᠠᠶ ᠠᠬᠢᠵᠤ᠂ ᠪᠢ ᠬᠦᠶ ᠶᠤᠸᠠᠨ ᠨᠢᠭᠡᠳᠦᠭᠡᠷ ᠬᠤᠭᠤᠴᠠᠭ᠎ᠠ ᠵᠡᠷᠭᠡ

6 ᠵᠢᠵᠢᠭ ᠲᠣᠭᠤᠷᠢᠭ ᠢ ᠪᠠᠶᠢᠭᠤᠯᠤᠨ ᠳᠠᠭᠤᠰᠬᠠᠵᠤ 5729 ᠡᠷᠦᠬᠡ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ

ᠬᠢᠵᠦ᠂ ᠥᠪᠡᠷᠲᠡᠭᠡᠨ ᠵᠠᠰᠠᠬᠤ ᠣᠷᠣᠨ ᠳᠤ ᠤᠷᠢᠳᠠᠪᠠᠷ ᠳᠤᠯᠠᠭᠠᠯᠠᠭ᠎ᠠ ᠬᠠᠩᠭᠠᠬᠤ ᠢᠨᠵᠧᠨᠧᠷᠢᠩ ᠢ ᠬᠤᠲᠠ

ᠬᠥᠳᠡᠭᠡ ᠶᠢ ᠪᠥᠬᠦ ᠴᠠᠷᠠᠭᠠᠨ ᠳᠤ ᠪᠦᠷᠬᠦᠭᠦᠯᠪᠡ᠃ ᠡᠮᠦᠨᠡᠲᠦ ᠬᠡᠰᠡᠭ ᠤᠨ ᠬᠤᠲᠠ ᠶᠢᠨ ᠲᠣᠭᠤᠷᠢᠭ ᠤᠨ ᠶᠠᠰᠤ

ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠠᠷᠠᠳ ᠤᠨ ᠠᠭᠤᠳᠠᠮ

ᠲᠠᠯᠠᠪᠠᠶ᠂ ᠰᠢᠨ᠎ᠡ ᠲᠢᠶᠠᠨ ᠳ᠋ᠢ ᠵᠠᠬ᠎ᠠ ᠳᠡᠯᠭᠡᠭᠦᠷ ᠤᠨ ᠲᠠᠰ ᠳᠡᠪᠰᠢᠬᠦ ᠶᠢ ᠦᠨᠳᠦᠰᠦᠨ ᠳᠡᠭᠡᠨ ᠪᠡᠶᠡᠯᠡᠭᠦᠯᠪᠡ᠃ ᠸᠠᠨ

ᠳ᠋ᠠ ᠬᠤᠶᠢᠲᠤ ᠴᠡᠴᠡᠷᠯᠢᠭ ᠵᠢᠴᠢ ᠭᠠᠵᠠᠷ ᠳᠣᠣᠷᠠᠬᠢ ᠲᠡᠷᠭᠡᠨ ᠵᠣᠭᠰᠣᠭᠠᠯ ᠢ ᠪᠠᠶᠢᠭᠤᠯᠤᠨ ᠠᠰᠢᠭᠯᠠᠯᠲᠠ ᠳᠤ

ᠣᠷᠣᠭᠤᠯᠵᠤ᠂ ᠡᠯ᠎ᠡ ᠲᠥᠷᠥᠯ ᠤᠨ ᠬᠤᠭᠤᠯᠠᠢ ᠲᠣᠣᠷ ᠢ 98 ᠺᠢᠯᠤᠮᠧᠲᠷ ᠰᠢᠨᠡᠳᠬᠡᠵᠦ᠂ 10 ᠬᠠᠷᠮᠠᠨ ᠴᠡᠴᠡᠷᠯᠢᠭ ᠢ

ᠪᠦᠲᠦᠭᠡᠨ ᠪᠠᠶᠢᠭᠤᠯᠵᠤ᠂ 6 ᠲᠠᠰᠤᠷᠬᠠᠢ ᠵᠠᠮ ᠢ ᠨᠡᠪᠲᠡᠷᠡᠭᠦᠯᠵᠦ᠂ 6300 ᠲᠡᠷᠭᠡ ᠵᠣᠭᠰᠣᠬᠤ ᠪᠠᠶᠢᠷᠢ ᠶᠢ

ᠰᠢᠨ᠎ᠡ ᠪᠠᠷ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠨᠠᠷᠢᠯᠢᠬᠵᠢᠭᠤᠯᠤᠭᠰᠠᠨ

ᠬᠠᠮᠢᠶᠠᠷᠤᠯᠲᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠢ ᠠᠮᠵᠢᠯᠲᠠ ᠲᠠᠢ ᠳᠠᠭᠠᠭᠠᠴᠢᠯᠠᠨ ᠡᠷᠬᠢᠯᠡᠵᠦ᠂ ᠬᠠᠭᠤᠴᠢᠨ

ᠬᠤᠲᠠ ᠶᠢ ᠰᠢᠨᠡᠳᠬᠡᠬᠦ ᠨᠢ ᠥᠪᠡᠷᠲᠡᠭᠡᠨ ᠵᠠᠰᠠᠬᠤ ᠣᠷᠣᠨ ᠤ ᠳᠡᠭᠡᠳᠦ ᠬᠡᠮᠵᠢᠶᠡᠨ ᠤ ᠵᠥᠪᠰᠢᠶᠡᠷᠡᠯ ᠢ ᠣᠯᠪᠠ᠃

ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠶᠠᠰᠤ ᠴᠢᠨᠠᠷ ᠢ ᠪᠠᠬᠢᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ᠂

1300 ᠭᠠᠷᠤᠶ ᠵᠠᠮ ᠤᠨ ᠳ᠋ᠧᠩ ᠢ ᠰᠢᠨ᠎ᠡ ᠪᠠᠷ ᠨᠡᠮᠡᠭᠳᠡᠭᠦᠯᠵᠦ᠂ 3000 ᠭᠠᠷᠤᠶ ᠡᠷᠦᠬᠡ ᠶᠢᠨ ᠵᠣᠷᠯᠣᠩ ᠢ

ᠥᠭᠡᠷᠡᠴᠢᠯᠡᠨ ᠰᠠᠶᠢᠵᠢᠷᠠᠭᠤᠯᠵᠤ᠂ 40 ᠲᠠᠷᠢᠶᠠᠯᠠᠬᠤ ᠣᠷᠣᠨ ᠤ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ

ᠲᠣᠭᠲᠠᠭᠤᠨ ᠢᠶᠠᠷ ᠠᠵᠢᠯᠯᠠᠭᠤᠯᠵᠤ᠂ ᠪᠣᠬᠢᠷ ᠤᠰᠤ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠨᠤᠷᠮ᠎ᠠ ᠶᠢ

100% ᠳᠤ ᠬᠦᠷᠭᠡᠪᠡ᠃ ᠸᠠᠩ ᠶᠤᠸᠠᠨ ᠳ᠋ᠢ ᠲᠤᠰᠬᠤᠨ ︽ᠥᠪᠡᠷᠲᠡᠭᠡᠨ ᠵᠠᠰᠠᠬᠤ ᠣᠷᠣᠨ ᠤ ᠦᠵᠡᠰᠭᠦᠯᠡᠩᠲᠦ

ᠰᠠᠢᠬᠠᠨ ᠰᠡᠯᠡᠭᠦᠴᠡᠯ ᠤᠨ ᠬᠥᠳᠡᠭᠡ ᠲᠣᠰᠭᠤᠨ︾ ᠢᠶᠠᠷ ᠦᠨᠡᠯᠡᠭᠳᠡᠪᠡ᠃

     ᠳᠥᠷᠪᠡ ᠳᠤ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠦᠬᠦ ᠲᠠᠯ᠎ᠠ ᠪᠠᠷ ᠨᠡᠮᠡᠭᠳᠡᠭᠦᠯᠪᠡ᠃ ᠬᠤᠳᠠ

ᠪᠠᠯᠭᠠᠰᠤᠨ ᠳᠤ ᠠᠵᠢᠯ ᠤᠯᠤᠭᠰᠠᠨ ᠬᠦᠮᠦᠨ 2949 ᠨᠡᠮᠡᠭᠳᠡᠵᠦ᠂ ᠦᠢᠯᠡᠰ ᠪᠤᠰᠬᠠᠬᠤ ᠪᠠᠳᠤᠯᠠᠭᠠᠳᠤ ᠵᠢᠭᠡᠯᠡᠯᠭᠡ

3040 ᠲᠦᠮᠡᠨ ᠲᠦᠬᠦᠷᠢᠭ ᠲᠠᠯᠪᠢᠵᠤ᠂ ᠡᠮᠦᠨᠡᠳᠦ ᠬᠡᠰᠡᠭ ᠤᠨ ᠡᠳᠦᠷ ᠤᠨ ᠬᠦᠴᠦᠨ ᠤ ᠵᠠᠬ᠎ᠠ ᠳᠡᠯᠬᠡᠬᠦᠷ ᠢ

ᠪᠠᠶᠢᠭᠤᠯᠤᠨ ᠠᠰᠢᠭᠯᠠᠯᠳᠠ ᠳᠤ ᠤᠷᠤᠭᠤᠯᠪᠠ᠃ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ ᠳᠤ

ᠣᠷᠣᠯᠴᠠᠭᠰᠠᠨ ᠨᠣᠷᠮ᠎ᠠ ᠲᠣᠭᠲᠠᠭᠤᠨ ᠢᠶᠠᠷ ᠳᠡᠭᠡᠭᠰᠢᠯᠡᠵᠦ᠂ ᠡᠯ᠎ᠡ ᠲᠥᠷᠥᠯ ᠤᠨ ᠬᠦᠴᠢᠷᠳᠡᠯ ᠲᠠᠢ ᠠᠪᠤᠷᠠᠨ

ᠲᠤᠰᠠᠯᠠᠬᠤ ᠨᠥᠬᠦᠪᠥᠷᠢ ᠶᠢ 3352 ᠲᠦᠮᠡᠨ ᠲᠥᠭᠦᠷᠢᠭ ᠰᠠᠯᠭᠠᠨ ᠥᠭᠴᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ

ᠪᠠᠷᠢᠮᠵᠢᠶ᠎ᠠ ᠶᠢ ᠳᠣᠯᠣᠭᠠᠨ ᠵᠢᠯ ᠳᠠᠷᠠᠭᠠᠯᠠᠨ ᠳᠡᠭᠡᠭᠰᠢᠯᠡᠭᠦᠯᠪᠡ᠃ ᠲᠠᠷᠢᠶᠠᠯᠠᠬᠤ ᠣᠷᠣᠨ ᠤ ᠶᠠᠳᠠᠭᠤ ᠠᠴᠠ

ᠠᠩᠭᠢᠵᠢᠷᠠᠭᠰᠠᠨ ᠬᠥᠮᠦᠨ ᠠᠮᠠ ᠶᠢ ᠦᠷᠭᠦᠯᠵᠢᠯᠡᠨ ᠬᠠᠯᠠᠮᠵᠢᠯᠠᠨ ᠬᠠᠶᠢᠷᠠᠯᠠᠵᠤ᠂ ᠨᠢᠭᠡ ᠬᠥᠮᠦᠨ ᠢ ᠴᠦ

ᠣᠷᠬᠢᠭᠳᠠᠭᠤᠯᠬᠤ ᠥᠬᠡᠶ ᠪᠠᠶᠢᠬᠤ ᠶᠢ  ᠪᠡᠶᠡᠯᠡᠭᠦᠯᠪᠡ᠃ ᠤᠶᠤᠨᠲᠤ ᠨᠠᠰᠤᠵᠢᠯ ᠤᠨ ᠠᠰᠠᠷᠠᠮᠵᠢ ᠶᠢᠨ ᠲᠠᠪᠴᠠᠩ ᠢ

ᠠᠰᠢᠭᠯᠠᠯᠲᠠ ᠳᠤ ᠣᠷᠣᠭᠤᠯᠵᠤ᠂  ᠨᠠᠰᠤᠲᠠᠳ ᠲᠤ ︽ᠠᠷᠪᠠ ᠶᠢ ᠲᠤᠰᠠᠯᠠᠬᠤ︾ ᠦᠢᠯᠡᠴᠢᠯᠡᠭᠡ 18.3 ᠲᠦᠮᠡᠨ

ᠬᠥᠮᠦᠨ ᠤᠳᠠᠭ᠎ᠠ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ

ᠲᠤᠬᠠᠶ ᠶᠢᠨ ᠲᠠᠯᠠᠪᠠᠶ ᠶᠢᠨ ᠬᠤᠷᠠᠯ ᠢ ᠠᠮᠵᠢᠯᠲᠠ ᠲᠠᠢ ᠳᠠᠭᠠᠭᠠᠨ ᠡᠷᠬᠢᠯᠡᠪᠡ᠃ ᠨᠢᠯᠬ᠎ᠠ ᠬᠡᠦᠬᠡᠳ ᠤᠨ ᠣᠷᠣᠨ

ᠪᠠᠶᠢᠷᠢ ᠶᠢᠨ ᠲᠤᠭ᠎ᠠ ᠨᠢ ᠥᠪᠡᠷᠲᠡᠭᠡᠨ ᠵᠠᠰᠠᠬᠤ ᠣᠷᠣᠨ ᠤ ᠳᠤᠮᠳᠠᠴᠢ ᠲᠦᠪᠰᠢᠨ ᠠᠴᠠ ᠳᠠᠪᠠᠵᠠᠢ᠃ ᠰᠤᠷᠭᠠᠨ

ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠷᠪᠠᠨ

ᠨᠢᠭᠡᠳᠦᠭᠡᠷ ᠳᠤᠮᠳᠠᠳᠤ ᠰᠤᠷᠭᠠᠭᠤᠯᠢ᠂ ᠠᠷᠪᠠᠨ ᠵᠢᠷᠭᠤᠳᠤᠭᠠᠷ ᠬᠡᠤᠬᠡᠳ ᠤᠨ ᠴᠡᠴᠡᠷᠯᠢᠭ ᠵᠡᠷᠭᠡ 7 ᠲᠥᠷᠥᠯ ᠵᠤᠶᠢᠯ ᠢ

ᠤᠷᠤᠭᠰᠢᠲᠠᠶ ᠬᠡᠷᠡᠭᠵᠢᠭᠦᠯᠵᠦ᠂ 31 ᠰᠤᠷᠭᠠᠭᠤᠯᠢ ᠶᠢᠨ ᠭᠠᠯ ᠤᠨᠲᠠᠷᠠᠭᠠᠬᠤ ᠲᠡᠦᠬᠡᠨ ᠠᠴᠠ ᠦᠯᠡᠳᠡᠭᠳᠡᠵᠦ ᠢᠷᠡᠭᠰᠡᠨ

ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠬᠡᠰᠡᠭ ᠲᠣᠭᠤᠷᠢᠭ ᠲᠤ

ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠯᠲᠠ ᠬᠢᠵᠦ ᠂ 3 ᠨᠢᠭᠲᠠ ᠬᠡᠯᠪᠡᠷᠢ ᠶᠢᠨ᠂ 6 ᠬᠤᠯᠪᠣᠭᠠᠯᠠᠭᠰᠠᠨ

ᠬᠡᠯᠪᠡᠷᠢ ᠶᠢᠨ ᠰᠤᠷᠭᠠᠨ ᠬᠥᠮᠦᠵᠢᠯ ᠤᠨ ᠪᠦᠯᠦᠭᠯᠡᠯ ᠢ ᠪᠠᠶᠢᠭᠤᠯᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ

ᠦᠷ᠎ᠡ ᠪᠦᠲᠦᠭᠡᠯ ᠢ ᠬᠡᠤᠬᠡᠳ ᠨᠢᠭᠡᠪᠦᠷᠢ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠳᠡᠭᠡᠪᠡ᠃ ᠡᠮ ᠡᠮᠨᠡᠯᠭᠡ

ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠲᠠ ᠤᠢᠭᠡᠢ ᠭᠦᠨᠵᠡᠭᠡᠶᠢᠷᠡᠭᠦᠯᠵᠦ᠂

ᠦᠨᠳᠦᠰᠦᠨ ᠱᠠᠲᠤᠨ ᠤ ᠠᠩᠬ᠎ᠠ ᠤᠨᠤᠰᠢᠯᠠᠭᠰᠠᠨ ᠨᠣᠷᠮ᠎ᠠ 41% ᠳᠡᠭᠡᠭᠰᠢᠯᠡᠵᠦ᠂ ᠣᠷᠣᠨ ᠪᠦᠰᠡ ᠶᠢᠨ

ᠡᠮᠨᠡᠭᠦᠯᠦᠭᠰᠡᠨ ᠲᠤᠭ᠎ᠠ 70 ᠲᠦᠮᠡᠨ ᠬᠥᠮᠦᠨ ᠤᠳᠠᠭ᠎ᠠ ᠶᠢ ᠳᠠᠪᠠᠵᠤ᠂ ᠣᠷᠣᠨ ᠤ ᠬᠠᠷᠢᠶ᠎ᠠ 9 ᠡᠮᠴᠢᠯᠡᠭᠡᠨ ᠤ

ᠪᠠᠶᠢᠭᠤᠯᠤᠮᠵᠢ ᠶᠢᠨ ︽6S ᠬᠠᠮᠢᠶᠠᠷᠤᠯᠲᠠ︾ ᠶᠢ ᠨᠡᠶᠢᠳᠡᠮ ᠪᠦᠷᠬᠦᠭᠦᠯᠪᠡ᠃ ᠨᠢᠭᠲᠠ ᠬᠡᠯᠪᠡᠷᠢ ᠶᠢᠨ ᠬᠤᠲᠠ ᠶᠢᠨ

ᠡᠮᠴᠢᠯᠡᠭᠡᠨ ᠤ ᠪᠦᠯᠦᠭᠯᠡᠯ ᠢᠯᠡᠳᠲᠡ ᠦᠷ᠎ᠡ ᠪᠦᠲᠦᠮᠵᠢ ᠣᠯᠵᠤ᠂ ᠲᠣᠭᠤᠷᠢᠭ ᠤᠨ ᠬᠢᠲᠠᠳ ᠡᠮᠨᠡᠯᠭᠡ ᠶᠢᠨ

ᠬᠤᠷᠢᠶ᠎ᠠ ᠨᠢ ᠭᠤᠷᠪᠠᠳᠤᠭᠠᠷ ᠳᠡᠰ ᠤᠨ ᠬᠥᠬᠡ ᠳᠡᠰ ᠤᠨ ᠬᠢᠲᠠᠳ ᠡᠮᠨᠡᠯᠭᠡ ᠶᠢᠨ ᠬᠤᠷᠢᠶ᠎ᠠ ᠪᠠᠷ ᠦᠨᠡᠯᠡᠭᠳᠡᠪᠡ᠃

ᠰᠣᠶᠣᠯ ᠪᠡᠶ᠎ᠡ ᠶᠢᠨ ᠲᠠᠮᠢᠷ ᠤᠨ ᠦᠢᠯᠡᠰ ᠥᠷᠨᠢᠨ ᠬᠥᠭᠵᠢᠵᠦ᠂ 9. 2 ᠲᠦᠮᠡᠨ ᠲᠡᠭᠰᠢ ᠳᠥᠷᠪᠡᠯᠵᠢᠨ ᠮᠧᠲᠷ

ᠲᠠᠮᠢᠷ ᠤᠨ ᠲᠠᠯᠠᠪᠠᠶ ᠶᠢ ᠰᠢᠨ᠎ᠡ ᠪᠠᠷ ᠨᠡᠮᠡᠭᠳᠡᠭᠦᠯᠵᠦ᠂ ᠬᠠᠶᠢᠷᠤᠪ ᠤᠨ ᠲᠣᠬᠤᠶ ᠲᠣᠭᠤᠷᠢᠭ ᠤᠨ ᠴᠠᠭᠠᠨ ᠰᠠᠷ᠎ᠠ ᠶᠢᠨ

ᠦᠳᠡᠰᠢᠯᠡᠭᠡ᠂ ᠴᠠᠭᠠᠨ ᠰᠠᠷ᠎ᠠ ᠶᠢᠨ ᠠᠷᠪᠠᠨ ᠲᠠᠪᠤᠨ ᠤ ᠰᠢᠷᠢᠰ ᠠᠵᠢᠯᠯᠠᠭ᠎ᠠ᠂ ᠬᠤᠲᠠ ᠶᠢᠨ ᠬᠠᠨᠳᠤᠯᠭᠠᠲᠤ

ᠤᠷᠤᠯᠳᠤᠭᠠᠨ᠂ ᠪᠥᠬᠦ ᠤᠯᠤᠰ ᠤᠨ ᠰᠢᠶᠠᠨ ᠤ ᠬᠡᠪᠴᠢᠶᠡᠨ ᠤ ᠬᠥᠯ ᠪᠥᠮᠪᠦᠭᠡ ᠶᠢᠨ ᠤᠷᠤᠯᠳᠤᠭᠠᠨ ᠵᠡᠷᠭᠡ ᠲᠣᠮᠣ

ᠬᠡᠯᠪᠡᠷᠢ ᠶᠢᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ 40 ᠭᠠᠷᠤᠶ ᠲᠠᠯᠠᠪᠤᠷ ᠴᠢᠨᠠᠷ ᠰᠠᠶᠢᠲᠠᠶ ᠡᠷᠭᠢᠯᠡᠵᠦ᠂

85 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠪᠡ᠃ 1 ᠭᠠᠵᠠᠷ ᠥᠪᠡᠷᠲᠡᠭᠡᠨ ᠵᠠᠰᠠᠬᠤ ᠣᠷᠣᠨ ᠤ ᠲᠠᠰ ᠤᠨ

ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ ᠭᠠᠵᠠᠷ ᠪᠠᠷ ᠦᠨᠡᠯᠡᠭᠳᠡᠵᠦ᠂ 7 ᠰᠣᠶᠣᠯ ᠤᠨ

ᠥᠷᠲᠡᠭᠡ ᠨᠢ ᠥᠪᠡᠷᠲᠡᠭᠡᠨ ᠵᠠᠰᠠᠬᠤ ᠣᠷᠣᠨ ᠤ ᠦᠨᠡᠯᠡᠯᠲᠡ ᠶᠢᠨ ᠲᠠᠰ ᠢ ᠣᠯᠪᠠ᠃

    ᠲᠠᠪᠤ ᠳᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠴᠢᠩᠭᠠᠷᠠᠪᠠ᠃ ᠠᠵᠤ ᠠᠬᠤᠶ᠂

ᠠᠮᠢ ᠠᠬᠤᠶ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 66 ᠵᠤᠶᠢᠯ ᠤᠨ

ᠥᠭᠡᠷᠡᠴᠢᠯᠡᠯᠲᠡ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠪᠠ᠃ ᠠᠵᠤ ᠠᠬᠤᠶᠢᠯᠠᠯ ᠤᠨ ᠦᠢᠯᠡᠴᠢᠯᠡᠭᠡᠨ ᠤ

ᠴᠤᠩᠬᠤᠪᠴᠢ ᠶᠢ 9 ᠪᠠᠶᠢᠭᠤᠯᠵᠤ᠂ ︽ᠠᠵᠤ ᠠᠬᠤᠶᠢᠯᠠᠯ ᠵᠠᠬᠢᠶᠠᠯᠠᠵᠤ᠂ ᠰᠠᠯᠠᠭ᠎ᠠ ᠮᠥᠴᠢᠷ ᠬᠤᠳᠠᠯᠳᠤᠨ ᠠᠪᠬᠤ︾

ᠪᠠᠶᠢᠷᠢᠰᠢᠯ ᠢ ᠪᠦᠷᠢᠯᠳᠦᠭᠦᠯᠵᠦ᠂ 14 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ︽ᠬᠤᠪᠢ ᠬᠦᠮᠤᠨ ᠤ

 ᠬᠢᠨ ᠠᠴᠠ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠶᠢ ᠪᠡᠶᠡᠯᠡᠭᠦᠯᠪᠡ᠃  ᠭᠤᠣᠯᠳᠠᠯᠭ᠎ᠠ ᠲᠠᠢ ᠠᠵᠤ

ᠦᠢᠯᠡᠰ ᠤᠨ ᠲᠤᠰᠬᠠᠶ ᠵᠦᠢᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠮᠥᠩᠭᠦ ᠶᠢ 2671 ᠲᠦᠮᠡᠨ

ᠲᠥᠭᠦᠷᠢᠭ ᠣᠯᠵᠤ᠂ ᠴᠢᠩ ᠲᠤᠤ ᠡᠶᠡᠷᠡᠬᠦ ᠲᠦᠢᠯ ᠤᠨ ᠮᠠᠲ᠋ᠧᠷᠢᠶᠠᠯ ᠢ ᠰᠤᠳᠤᠯᠤᠨ ᠨᠡᠭᠡᠭᠡᠬᠦ ᠪᠠ ᠠᠵᠤ

ᠦᠢᠯᠡᠰᠵᠢᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ 2024 ᠣᠨ ᠳᠤ ᠬᠤᠲᠠ ᠶᠢᠨ

ᠱᠠᠲᠤᠨ ᠤ ︽ᠲᠤᠩᠬᠠᠭ ᠨᠡᠶᠢᠲᠡᠯᠡᠨ ᠮᠠᠩᠯᠠᠶᠢᠯᠠᠭᠤᠯᠬᠤ︾ ᠲᠥᠷᠥᠯ ᠵᠦᠢᠯ ᠢᠶᠠᠷ ᠵᠥᠪᠰᠢᠶᠡᠷᠡᠭᠳᠡᠵᠦ᠂ ᠥᠪᠡᠷᠲᠡᠭᠡᠨ

ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ 1᠂ ᠰᠢᠨᠵᠢᠯᠡᠬᠦ

ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ 6 ᠨᠡᠮᠡᠭᠳᠡᠵᠦ᠂ ᠵᠢᠶᠠᠨ ᠯᠦᠩ ᠪᠤᠭᠤᠲᠤ ᠶᠢᠨ ᠪᠣᠯᠣᠳ

ᠲᠡᠮᠦᠷ ᠤᠨ ᠪᠦᠯᠦᠭᠯᠡᠯ ᠤᠨ ᠸᠠᠨ ᠲᠧᠩ᠂ ᠪᠦᠦ ᠴᠢ ᠨᠡᠭᠦᠷᠡᠰᠦᠨ ᠤ ᠮᠠᠲ᠋ᠧᠷᠢᠶᠠᠯ ᠨᠢ ᠥᠪᠡᠷᠲᠡᠭᠡᠨ ᠵᠠᠰᠠᠬᠤ ᠣᠷᠣᠨ ᠤ

ᠣᠶᠤᠨᠴᠢ ᠦᠢᠯᠡᠳᠪᠦᠷᠢ ᠪᠠ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ᠢᠶᠠᠷ ᠦᠨᠡᠯᠡᠭᠳᠡᠪᠡ᠃

     ᠵᠢᠷᠭᠤᠭ᠎ᠠ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠳᠤᠯᠠᠪᠠ᠃

ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ

ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ

ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠳᠤ ᠤᠷᠢᠳᠠᠪᠠᠷ

ᠰᠢᠲᠠᠮᠠᠬᠠᠢ ᠬᠡᠢ ᠶᠢᠨ ᠬᠤᠭᠤᠯᠠᠢ ᠶᠢᠨ ︽ᠠᠰᠠᠭᠤᠳᠠᠯ ᠲᠠᠢ ᠠᠵᠢᠯᠯᠠᠭ᠎ᠠ︾ ᠶᠢ ᠲᠤᠰᠬᠠᠢ ᠴᠡᠭᠴᠡᠯᠡᠨ ᠵᠠᠰᠠᠬᠤ ᠠᠵᠢᠯ ᠢ

ᠪᠡᠶᠡᠯᠡᠭᠦᠯᠬᠦ ᠶᠢᠨ ᠬᠠᠮᠲᠤ ᠳᠡᠭᠡᠳᠦ ᠨᠠᠷᠢᠯᠢᠭ ᠣᠶᠤᠨᠲᠤ ᠰᠢᠲᠠᠮᠠᠬᠠᠢ ᠬᠡᠢ ᠶᠢ ᠪᠠᠶᠢᠴᠠᠭᠠᠨ ᠰᠢᠯᠭᠠᠬᠤ ᠰᠢᠰᠲ᠋ᠧᠮ ᠢ

ᠣᠷᠣᠭᠤᠯᠤᠨ ᠠᠪᠴᠢᠷᠠᠵᠤ᠂ ᠪᠦᠬᠦ ᠵᠢᠯ ᠳᠤ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ

ᠠᠮᠤᠷ ᠲᠦᠪᠰᠢᠨ ᠤ ᠠᠳᠡᠯ ᠭᠠᠷᠤᠭᠰᠠᠨ ᠦᠭᠡᠢ᠃ ᠵᠠᠬᠢᠳᠠᠯ ᠰᠤᠷᠪᠤᠯᠵᠢᠯᠠᠭ᠎ᠠ ᠶᠢᠨ ᠵᠠᠭᠠᠯᠳᠤᠯᠭ᠎ᠠ ᠶᠢᠨ ᠬᠡᠷᠡᠭ ᠢ

667 ᠬᠤᠪᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 100% ᠳᠤ ᠬᠦᠷᠪᠡ᠃ ᠬᠠᠷ᠎ᠠ

ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠪᠥᠬᠦ

ᠲᠤᠭᠤᠷᠢᠭ ᠤᠨ ᠡᠷᠡᠭᠦᠦ ᠶᠢᠨ ᠬᠡᠷᠡᠭ᠂ ᠴᠠᠬᠢᠯᠭᠠᠨ ᠮᠡᠬᠡᠯᠡᠯ ᠤᠨ ᠬᠡᠷᠡᠭ ᠪᠣᠯᠭᠠᠨ ᠳᠠᠩᠰᠠᠯᠠᠬᠤ ᠪᠠ ᠬᠤᠬᠢᠷᠠᠯ ᠤᠨ

ᠵᠣᠭᠤᠰ ᠤᠨ ᠲᠤᠭ᠎ᠠ ᠲᠣᠰ ᠲᠣᠰ ᠠᠳᠠᠯᠢ ᠬᠤᠭᠤᠴᠠᠭᠠᠨ ᠤ ᠬᠢ ᠠᠴᠠ 36%᠂ 59%᠂ 75% ᠪᠠᠷ

ᠪᠠᠭᠤᠷᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ᠂ ᠠᠮᠤᠷ ᠲᠦᠪᠰᠢᠨ ᠤ ᠲᠥᠷᠥᠭᠳᠡᠯ ᠢ ᠶᠡᠭᠡ ᠪᠠᠷ

ᠳᠡᠭᠡᠭᠰᠢᠯᠡᠭᠦᠯᠪᠡ᠃

    ᠨᠢᠭᠡ ᠵᠢᠯ ᠤᠨ ᠲᠤᠷᠰᠢ᠂ ᠪᠢᠳᠡ ᠳᠣᠲᠣᠭᠠᠳᠤ ᠴᠢᠳᠠᠪᠤᠷᠢ ᠪᠠᠨ ᠪᠣᠯᠪᠠᠰᠤᠷᠠᠭᠤᠯᠵᠤ᠂ ᠰᠤᠷᠲᠠᠯ ᠢᠶᠠᠨ

ᠬᠤᠪᠢᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ᠃ ᠪᠦᠬᠦ ᠲᠠᠯ᠎ᠠ ᠪᠠᠷ

ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂

ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠬᠡᠯᠪᠡᠷᠢᠴᠢ

ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ

ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ

ᠠᠵᠢᠯ ᠢ ᠠᠬᠢᠭᠤᠯᠪᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ

ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠤᠳᠠᠭᠠᠨ ᠪᠥᠭᠡᠳ ᠪᠦᠳᠦᠭᠦᠯᠢᠭ ᠢᠶᠠᠷ ᠠᠵᠢᠯᠯᠠᠬᠤ︾ ᠵᠡᠷᠭᠡ

ᠠᠰᠠᠭᠤᠳᠠᠯ ᠢ ᠵᠠᠯᠠᠷᠠᠭᠤᠯᠤᠨ ᠵᠠᠰᠠᠵᠤ᠂ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ 49

ᠪᠠᠶᠢᠭᠤᠯᠤᠮᠵᠢ ᠶᠢ ᠬᠦᠴᠦᠨ ᠦᠭᠡᠢ ᠪᠣᠯᠭᠠᠵᠤ᠂ 12345 ᠬᠡᠷᠡᠭ ᠢ 4.2 ᠲᠦᠮᠡᠨ ᠬᠤᠪᠢ ᠰᠢᠢᠳᠪᠦᠷᠢᠯᠡᠪᠡ᠃ ︽

ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠡᠯ᠎ᠡ ᠵᠦᠢᠯ ᠤᠨ

ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ

ᠪᠣᠳᠣᠯᠭ᠎ᠠ ᠲᠣᠭᠲᠠᠭᠠᠬᠤ ᠳᠤ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ

ᠣᠷᠳᠣᠨ ᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠪᠦᠷᠢᠨ ᠪᠦᠷᠬᠦᠭᠦᠯᠬᠦ ᠶᠢ 

ᠪᠡᠶᠡᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ

ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ 183 ᠬᠤᠪᠢ ᠰᠠᠨᠠᠭᠤᠯᠭ᠎ᠠ᠂ ᠤᠯᠤᠰ

ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠭᠦᠢᠴᠡᠳᠬᠡᠨ ᠬᠠᠷᠢᠭᠤ ᠥᠭᠭᠦᠭᠰᠡᠨ ᠨᠤᠷᠮ᠎ᠠ᠂

ᠬᠠᠨᠤᠮᠵᠢ ᠶᠢᠨ ᠨᠤᠷᠮ᠎ᠠ 100% ᠳᠤ ᠬᠦᠷᠪᠡ᠃ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠨᠠᠷᠠᠲᠤ

ᠲᠡᠮᠳᠡᠭᠲᠦ ᠶᠢ ᠦᠷᠭᠦᠯᠵᠢᠯᠡᠨ ᠪᠣᠶ ᠪᠣᠯᠭᠠᠵᠤ᠂ 4 ᠬᠦᠷᠢᠶᠡᠨ ᠳᠠᠬᠢ ᠢᠲᠡᠭᠡᠮᠵᠢ ᠠᠯᠳᠠᠭᠰᠠᠨ ᠬᠡᠷᠡᠭ ᠢ ᠠᠷᠢᠯᠭᠠᠪᠠ᠃

ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽

ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ᠃

ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ

ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ  ᠠᠤᠡᠬᠤᠪᠠ᠃

ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢ ᠭᠦᠨᠵᠡᠭᠡᠢ ᠥᠷᠨᠢᠭᠦᠯᠵᠦ᠂ ᠴᠡᠷᠢᠭ ᠠᠴᠠ

ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂

ᠦᠨᠳᠦᠰᠦᠲᠡᠨ ᠱᠠᠰᠢᠨ ᠰᠤᠷᠲᠠᠬᠤᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ ᠳᠠᠩᠰᠠ ᠡᠪᠬᠡᠮᠡᠯ ᠲᠡᠦᠬᠡ

ᠣᠶᠢᠯᠠᠯᠭ᠎ᠠ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠬᠦ᠂ ᠠᠵᠢᠯᠴᠢᠨ ᠤ ᠡᠪᠯᠡᠯ᠂ ᠡᠮᠡᠭᠲᠡᠶᠢᠴᠦᠳ᠂

ᠵᠠᠯᠠᠭᠤᠴᠤᠳ ᠪᠠᠭᠠᠴᠤᠳ᠂ ᠵᠡᠮᠳᠡᠭᠴᠦᠳ ᠵᠡᠷᠭᠡ ᠡᠯ᠎ᠡ ᠵᠦᠢᠯ ᠤᠨ ᠠᠵᠢᠯ ᠦᠢᠯᠡᠰ ᠰᠢᠨ᠎ᠡ ᠬᠥᠭᠵᠢᠯᠲᠡ ᠪᠠ

ᠲᠠᠪᠰᠢᠯᠳᠠ ᠲᠠᠢ ᠪᠣᠯᠪᠠ᠃

    ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠪᠣᠯ ᠮᠠᠨ ᠤ ᠠᠵᠤ ᠠᠬᠤᠢ ᠶᠢᠨ ᠬᠥᠭᠵᠢᠯᠲᠡ ᠶᠢᠨ ᠬᠦᠴᠢᠷ

ᠪᠡᠷᠬᠡᠰᠢᠶᠡᠯ ᠲᠠᠢ ᠨᠢᠭᠡ ᠵᠢᠯ ᠮᠥᠨ᠂ ᠨᠡᠭᠦᠷᠡᠰᠦ᠂ ᠪᠣᠯᠣᠳ ᠲᠡᠮᠦᠷ ᠵᠡᠷᠭᠡ ᠶᠡᠭᠡ ᠬᠡᠮᠵᠢᠶᠡᠨ ᠤ ᠲᠠᠸᠠᠷ ᠤᠨ ᠦᠨ᠎ᠡ

ᠬᠠᠩᠰᠢ ᠪᠠᠭᠤᠷᠠᠭᠰᠠᠨ᠂ ᠪᠡᠯᠡ ᠣᠷᠣᠭᠤᠯᠤᠯᠲᠠ ᠤᠳᠠᠭᠠᠯᠢᠭ ᠵᠡᠷᠭᠡ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ

ᠪᠠᠶᠢᠳᠠᠯ ᠤᠨ ᠡᠮᠦᠨ᠎ᠡ᠂ ᠪᠢᠳᠡ ᠡᠯ᠎ᠡ ᠲᠠᠯ᠎ᠠ ᠶᠢᠨ ᠳᠠᠷᠤᠯᠲᠠ ᠶᠢ ᠲᠤᠯᠵᠤ᠂ ᠠᠵᠤ ᠠᠬᠤᠢ ᠶᠢᠨ ᠬᠥᠭᠵᠢᠯᠲᠡ ᠶᠢᠨ

ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠡᠳᠡᠭᠡᠷ ᠠᠮᠵᠢᠯᠲᠠ ᠪᠦᠲᠦᠮᠵᠢ ᠨᠢ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ

ᠤᠬᠠᠭᠠᠨᠴᠢ ᠵᠢᠯᠤᠭᠤᠳᠤᠯᠭ᠎ᠠ ᠠᠴᠠ ᠰᠠᠯᠵᠤ ᠴᠢᠳᠠᠬᠤ ᠦᠭᠡᠢ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ

ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠠᠴᠠ ᠰᠠᠯᠵᠤ ᠴᠢᠳᠠᠬᠤ

ᠦᠭᠡᠢ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ

ᠬᠢᠨᠠᠯᠲᠠ ᠳᠡᠮᠵᠢᠯᠭᠡ ᠠᠴᠠ ᠰᠠᠯᠵᠤ ᠴᠢᠳᠠᠬᠤ ᠦᠭᠡᠢ᠂ ᠪᠦᠬᠦ ᠲᠤᠭᠤᠷᠢᠭ ᠤᠨ ᠠᠷᠠᠳ ᠲᠦᠮᠡᠨ ᠤ ᠰᠡᠳᠬᠢᠯ ᠢᠶᠠᠨ

ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠭᠰᠠᠨ ᠤ ᠦᠷ᠎ᠡ

ᠳ᠋ᠦᠩ ᠶᠤᠮ᠃ ᠠᠳᠡ᠂ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ

ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂

ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠯ᠎ᠡ ᠠᠷᠠᠳ ᠤᠨ ᠪᠦᠯᠬᠦᠮ

ᠵᠢᠴᠢ ᠬᠠᠶᠢᠷᠤᠪ ᠤᠨ ᠲᠤᠬᠤᠢ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ

ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ

ᠬᠦᠨᠳᠦᠳᠬᠡᠯ ᠢᠶᠠᠨ ᠳᠡᠪᠰᠢᠭᠦᠯᠦᠶ᠎ᠡ︕

    ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠢᠯᠠᠩᠭᠤᠶ᠎ᠠ ᠲᠥᠯᠥᠭᠡᠯᠡᠭᠴᠢᠳ ᠲᠤ ᠮᠡᠳᠡᠭᠦᠯᠦᠭᠰᠡᠨ ᠶᠠᠪᠤᠳᠠᠯ ᠪᠣᠯ᠂

ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ

ᠬᠤᠶᠠᠷ ᠵᠦᠢᠯ ᠤᠨ ᠭᠦᠢᠴᠡᠳᠬᠡᠬᠦ ᠲᠤᠭ᠎ᠠ ᠨᠡᠮᠡᠭᠳᠡᠵᠦ ᠴᠢᠳᠠᠭᠰᠠᠨ ᠦᠭᠡᠢ᠂ ᠮᠠᠨ ᠤ ᠠᠵᠤ ᠠᠬᠤᠢ ᠶᠢᠨ ᠨᠡᠮᠡᠭᠳᠡᠯ ᠢ

ᠲᠣᠭᠲᠠᠪᠤᠷᠢᠵᠢᠭᠤᠯᠬᠤ ᠰᠠᠭᠤᠷᠢ ᠪᠠᠲᠤ ᠪᠠᠬᠢ ᠪᠢᠰᠢ᠂ ᠴᠢᠬᠤᠯᠠ ᠶᠡᠭᠡ ᠠᠵᠤ ᠦᠢᠯᠡᠰ ᠤᠨ ᠲᠦᠷᠦᠯ ᠵᠦᠢᠯ ᠤᠨ

ᠨᠥᠭᠡᠴᠡ ᠴᠥᠭᠡᠨ᠂ ᠨᠠᠶᠢᠳᠠᠪᠤᠷᠢᠵᠢᠭᠤᠯᠤᠯᠲᠠ ᠤᠳᠠᠭᠠᠨ᠂ ᠠᠵᠤ ᠦᠢᠯᠡᠰ ᠤᠨ ᠠᠶᠤᠯ ᠲᠦᠭᠰᠢᠭᠦᠷᠢ ᠶᠢ

ᠡᠰᠡᠷᠭᠦᠴᠡᠬᠦ ᠴᠢᠳᠠᠪᠤᠷᠢ ᠪᠠᠭᠤᠷᠠᠭᠰᠠᠨ᠂ ᠭᠠᠶᠢᠯᠢ ᠲᠠᠲᠠᠪᠤᠷᠢ ᠪᠠᠭᠤᠷᠠᠭᠰᠠᠨ ᠢ ᠬᠠᠷᠠᠭᠤᠯᠵᠤ ᠪᠠᠶᠢᠨ᠎ᠠ᠃ ᠭᠤᠣᠯ

ᠬᠤᠲᠠ ᠲᠣᠭᠤᠷᠢᠭ ᠪᠣᠯᠤᠭᠰᠠᠨ ᠤ ᠬᠤᠪᠢ ᠳᠤ ᠲᠡᠷᠢᠭᠦᠨ ᠴᠢᠬᠤᠯᠠ ᠬᠡᠮᠵᠢᠶ᠎ᠡ ᠥᠨᠳᠥᠷ ᠪᠢᠰᠢ᠂ ᠲᠠᠲᠠᠬᠤ

ᠬᠦᠴᠦᠨ ᠢᠶᠠᠷ ᠪᠠᠭᠤᠷᠠᠶ᠂ ᠨᠥᠯᠥᠭᠡᠯᠡᠨ ᠳᠠᠶᠢᠴᠢᠯᠠᠬᠤ ᠴᠢᠳᠠᠪᠤᠷᠢ ᠪᠠᠷ ᠬᠦᠷᠦᠯᠴᠡᠬᠦ ᠥᠬᠡᠶ︔ ᠣᠨᠴᠠ ᠵᠠᠷᠢᠮ

ᠺᠠᠳ᠋ᠷ ᠤᠨ ᠴᠢᠳᠠᠮᠠᠭᠠᠶ ᠦᠵᠡᠯ ᠤᠬᠠᠮᠰᠠᠷ ᠨᠢ ᠴᠢᠩᠭ᠎ᠠ ᠪᠢᠰᠢ᠂ ︽ᠤᠳᠠᠭᠠᠨ ᠪᠦᠳᠦᠭᠦᠯᠢᠭ᠂ ᠬᠤᠭᠤᠰᠣᠨ ᠪᠠᠶᠢᠬᠤ︾

ᠠᠰᠠᠭᠤᠳᠠᠯ ᠮᠥᠨ ᠬᠦ ᠣᠷᠣᠰᠢᠵᠤ᠂ ᠬᠠᠷᠢᠭᠤᠴᠠᠯᠭ᠎ᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ

ᠬᠦᠷᠦᠯᠴᠡᠬᠦ ᠥᠬᠡᠶ ᠪᠠᠶᠢᠬᠤ ᠶᠢ ᠨᠠᠩ ᠰᠡᠷᠭᠡᠭ ᠢᠶᠠᠷ ᠲᠠᠨᠢᠵᠤ ᠤᠯᠪᠠ᠃ ᠡᠭᠦᠨ ᠢ ᠪᠢᠳᠡ ᠵᠠᠪᠠᠯ ᠳᠡᠭᠡᠳᠦ

ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠶ ᠰᠢᠢᠳᠪᠦᠷᠢᠯᠡᠬᠦ ᠬᠡᠷᠡᠭᠲᠡᠶ᠃

    ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ

    2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ︽ᠠᠷᠪᠠᠨ ᠲᠠᠪᠤᠳᠤᠭᠠᠷ ᠲᠠᠪᠤᠨ ᠵᠢᠯ︾

 ᠤᠨ ᠦᠷᠭᠦᠯᠵᠢᠯᠡᠨ ᠬᠥᠭᠵᠢᠬᠦ ᠵᠠᠩᠭᠢᠯᠠᠭ᠎ᠠ ᠶᠢᠨ ᠵᠢᠯ ᠪᠣᠯᠤᠨ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ

ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠲᠤᠭᠤᠷᠢᠭ ᠤᠨ ᠠᠵᠤ ᠠᠬᠤᠶ ᠶᠢᠨ

ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠂

ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ

ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠵᠤ᠂

ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠨᠢᠭᠡ ᠭᠤᠤᠯ ᠰᠢᠵᠢᠮ ᠢ ᠲᠤᠭᠤᠰᠢᠯᠠᠭᠤᠯᠵᠤ᠂ ᠬᠤᠶᠠᠷ

ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠶᠢᠷᠤᠪ ᠤᠨ

ᠲᠣᠬᠤᠶ ᠲᠣᠭᠤᠷᠢᠭ ᠤᠨ ᠪᠥᠬᠦ ᠬᠤᠲᠠ ᠶᠢᠨ ᠤᠯᠤᠰ ᠲᠥᠷᠥ ᠶᠢᠨ ᠲᠥᠪ ᠣᠷᠣᠨ᠂ ᠠᠵᠤ ᠠᠬᠤᠶ ᠶᠢᠨ

ᠭᠤᠤᠯᠳᠠᠯᠭ᠎ᠠ ᠶᠢᠨ ᠣᠷᠣᠨ᠂ ᠬᠥᠮᠦᠨ ᠠᠮᠠ ᠶᠢ ᠲᠥᠪᠯᠡᠷᠡᠭᠦᠯᠦᠨ ᠳᠠᠭᠠᠭᠠᠨ ᠠᠴᠢᠶᠠᠯᠠᠬᠤ ᠣᠷᠣᠨ ᠤ ᠳᠦᠷᠢ ᠶᠢᠨ

ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠲᠦᠷᠦᠭᠦᠯᠡᠨ ᠬᠢᠬᠦ ᠤᠬᠠᠮᠰᠠᠷ ᠢᠶᠠᠨ ᠴᠢᠩᠭᠠᠳᠬᠠᠵᠤ᠂ ︽ᠭᠤᠷᠪᠠ ᠶᠢ

ᠲᠦᠷᠦᠭᠦᠯᠡᠬᠦ︾ ᠬᠠᠷᠠᠯᠲᠠ ᠪᠠᠨ ᠲᠣᠭᠲᠠᠭᠠᠵᠤ᠂ ︽ᠰᠢᠨ᠎ᠡ ᠵᠠᠮ ᠢᠶᠠᠷ ᠤᠷᠤᠭᠰᠢᠯᠠᠵᠤ ᠳᠤᠮᠳᠠ ᠲᠦᠪᠰᠢᠨ ᠳᠤ

ᠤᠷᠤᠬᠤ︾ ᠬᠠᠷᠠᠯᠲᠠ ᠶᠢ ᠲᠣᠭᠲᠠᠭᠠᠵᠤ᠂ ᠬᠠᠶᠢᠷᠤᠪ ᠤᠨ ᠲᠣᠬᠤᠶ ᠲᠣᠭᠤᠷᠢᠭ ᠤᠨ ᠠᠵᠤ ᠠᠬᠤᠶ ᠨᠡᠶᠢᠭᠡᠮ ᠤᠨ

ᠰᠢᠨᠵᠢᠯᠡᠬᠦ ᠤᠬᠠᠭᠠᠨᠴᠢ ᠬᠥᠭᠵᠢᠯᠲᠡ᠂ ᠪᠣᠬᠢᠷᠲᠤᠯ ᠥᠬᠡᠶ ᠬᠡᠯᠪᠡᠷᠢ ᠶᠢᠨ ᠬᠤᠪᠢᠷᠠᠭᠤᠯᠤᠯᠲᠠ ᠶᠢ ᠪᠥᠬᠦ

ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃

    2025 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ

ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠵᠦ᠂ ᠠᠵᠤ ᠦᠢᠯᠡᠳᠪᠦᠷᠢ ᠶᠢᠨ

ᠨᠡᠮᠡᠭᠳᠡᠯ ᠥᠷᠲᠡᠭ ᠢ 8% ᠣᠷᠴᠢᠮ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ

10% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 4% ᠣᠷᠴᠢᠮ

ᠨᠡᠮᠡᠭᠳᠡᠭᠦᠯᠦᠨ᠂ ᠬᠤᠲᠠ ᠪᠠᠯᠭᠠᠰᠤ ᠶᠢᠨ ᠰᠢᠨ᠎ᠡ ᠪᠠᠷ ᠠᠵᠢᠯ ᠣᠯᠣᠭᠰᠠᠳ ᠢ 2600 ᠭᠠᠷᠤᠢ ᠬᠥᠮᠦᠨ ᠨᠡᠮᠡᠭᠳᠡᠭᠦᠯᠵᠦ

᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠤ ᠪᠠᠨ

ᠵᠡᠷᠭᠡᠴᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ

ᠪᠠᠭᠠᠰᠬᠠᠬᠤ ᠬᠠᠷᠠᠯᠲᠠᠲᠤ ᠡᠭᠦᠷᠭᠡ ᠶᠢ ᠪᠡᠶᠡᠯᠡᠭᠦᠯᠦᠨ᠎ᠡ᠃

    ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠡᠷᠬᠡᠪᠰᠢ ᠶᠡᠷᠦᠩᠬᠡᠶ ᠱᠦᠵᠢ ᠰᠢ ᠶᠢᠨ

ᠫᠢᠩ ᠤᠨ ᠲᠠᠪᠤᠨ ︽ᠡᠷᠬᠡᠪᠰᠢ ᠰᠠᠶᠢᠲᠤᠷ ᠲᠥᠯᠥᠪᠯᠡᠬᠦ︾ ︵ᠰᠠᠶᠢᠲᠤᠷ ᠲᠥᠯᠥᠪᠯᠡᠬᠦ︾ ᠲᠤᠬᠠᠶ ᠴᠢᠬᠤᠯᠠ

ᠥᠭᠦᠯᠡᠯᠲᠡ ᠶᠢ ᠭᠦᠨᠵᠡᠭᠡᠶ ᠣᠶᠢᠯᠠᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠨ᠂

ᠤᠷᠤᠭᠰᠢᠯᠠᠨ ᠳᠠᠪᠰᠢᠬᠤ ᠪᠠᠷ ᠲᠣᠭᠲᠠᠭᠤᠨ ᠪᠠᠶᠢᠳᠠᠯ ᠢ ᠠᠬᠢᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ

ᠡᠭᠦᠳᠴᠦ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠵᠦ᠂ ᠰᠢᠰᠲ᠋ᠧᠮ ᠲᠠᠢ ᠬᠤᠷᠠᠮᠳᠤᠭᠤᠯᠵᠤ᠂ ᠵᠣᠬᠢᠴᠠᠯᠳᠤᠨ

ᠬᠠᠮᠵᠢᠯᠴᠠᠵᠤ᠂ ︽ᠲᠠᠪᠤᠨ ᠶᠡᠭᠡ ᠡᠭᠦᠷᠭᠡ︾ ᠶᠢ ᠯᠠᠪᠳᠠᠭᠤᠨ ᠪᠠᠲᠤᠲᠠᠶ ᠠᠬᠢᠭᠤᠯᠵᠤ᠂ ︽ᠵᠢᠷᠭᠤᠭᠠᠨ ᠢᠨᠵᠧᠨᠧᠷᠢᠩ︾

 ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠬᠢᠵᠦ᠂ ︽ᠠᠷᠪᠠᠨ ᠵᠦᠢᠯ ᠤᠨ

ᠭᠤᠤᠯᠳᠠᠯᠭ᠎ᠠ ᠲᠠᠢ ᠠᠵᠢᠯ︾ ᠢ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ

ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ︽

ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠳᠤ ᠰᠠᠶᠢᠲᠤᠷ ᠰᠠᠭᠤᠷᠢ

ᠲᠠᠯᠪᠢᠵᠤ᠂ ᠳᠣᠤᠷᠠᠬᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠄

      ︵ᠨᠢᠭᠡ︶ ᠬᠡᠷᠡᠭᠴᠡᠭᠡ ᠱᠠᠭᠠᠷᠳᠠᠯᠭ᠎ᠠ ᠪᠠᠨ ᠥᠷᠭᠡᠳᠬᠡᠬᠦ᠂ ᠭᠤᠣᠯ ᠴᠣᠭᠴᠠ ᠶᠢ ᠬᠦᠴᠦᠷᠬᠡᠭᠵᠢᠭᠦᠯᠬᠦ ᠶᠢ

ᠪᠠᠷᠢᠮᠲᠠᠯᠠᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠶᠢ ᠠᠬᠢᠭᠤᠯᠤᠨ᠎ᠠ᠃ ᠠᠷᠭ᠎ᠠ ᠪᠦᠬᠦᠨ ᠢ ᠰᠦᠪᠡᠭᠴᠢᠯᠡᠨ

ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠢ ᠬᠡᠯᠬᠢᠶᠡᠰᠦ ᠪᠠᠷ

ᠨᠠᠷᠢᠯᠢᠭ ᠣᠨᠣᠴᠠᠲᠠᠢ ᠪᠠᠷ ᠣᠷᠣᠭᠤᠯᠤᠨ ᠠᠪᠴᠢᠷᠠᠬᠤ ᠶᠢᠨ ᠲᠣᠭᠤᠷᠢᠨ ᠳᠤ᠂ ᠲᠦᠷᠦᠯ ᠵᠦᠢᠯ ᠢ

ᠨᠠᠶᠢᠳᠠᠪᠤᠷᠢᠵᠢᠭᠤᠯᠬᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠬᠥᠭᠵᠢᠯᠲᠡ ᠶᠢᠨ ᠰᠢᠨ᠎ᠡ ᠬᠥᠳᠡᠯᠭᠡᠭᠦᠷ ᠢ

ᠨᠣᠴᠣᠭᠠᠪᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃

︽ᠬᠤᠳᠠᠯᠳᠤᠭ᠎ᠠ ᠪᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ︾

 ᠶᠢ ᠪᠠᠷᠢᠮᠲᠠᠯᠠᠵᠤ᠂ ᠪᠣᠬᠢᠷᠲᠤᠯ ᠦᠭᠡᠢ ᠴᠠᠬᠢᠯᠭᠠᠨ᠂ ᠡᠬᠢ ᠪᠠᠶᠠᠯᠢᠭ ᠪᠠ ᠪᠠᠭᠲᠠᠭᠠᠨ ᠰᠢᠩᠭᠡᠭᠡᠬᠦ ᠵᠡᠷᠭᠡ

ᠬᠠᠷᠢᠴᠠᠭᠤᠯᠤᠭᠰᠠᠨ ᠳᠠᠪᠠᠭᠤᠯᠢᠭ ᠢᠶᠠᠷ ᠲᠦᠷᠦᠯ ᠵᠦᠢᠯ ᠢ ᠰᠣᠯᠢᠵᠤ᠂ ᠭᠤᠣᠯᠯᠠᠬᠤ ᠠᠵᠤ ᠦᠢᠯᠡᠰ ᠤᠨ ᠬᠡᠯᠬᠢᠶ᠎ᠡ ᠶᠢ

ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ᠂ ᠴᠢᠩ ᠲᠤᠤ ᠵᠡᠷᠭᠡ ᠳᠡᠭᠡᠳᠦ ᠳᠤᠤᠷᠠᠳᠤ ᠤᠷᠤᠰᠬᠠᠯ ᠤᠨ ᠪᠡᠯᠡ

ᠮᠥᠩᠭᠦ ᠶᠢ ᠨᠡᠮᠡᠭᠳᠡᠭᠦᠯᠦᠨ ᠭᠠᠷᠤᠯᠲᠠ ᠶᠢ ᠥᠷᠭᠡᠳᠬᠡᠬᠦ ᠶᠢ ᠠᠬᠢᠭᠤᠯᠵᠤ᠂ ᠤᠳᠤ ᠶᠢᠨ ᠰᠢᠨ᠎ᠡ ᠪᠠᠷ ᠮᠠᠨᠳᠤᠭᠰᠠᠨ ᠠᠵᠤ

ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠥᠷᠢᠯᠡᠨ᠎ᠡ᠃ ᠶᠡᠷᠦᠩᠬᠡᠢ ᠬᠡᠯᠲᠡᠰ ᠤᠨ ᠠᠵᠤ ᠠᠬᠤᠢ᠂

ᠳᠠᠩᠰᠠᠯᠠᠭᠤᠯᠤᠭᠰᠠᠨ ᠭᠠᠵᠠᠷ ᠤᠨ ᠠᠵᠤ ᠠᠬᠤᠢ ᠶᠢᠨ ᠬᠥᠭᠵᠢᠯᠲᠡ ᠶᠢᠨ ᠡᠷᠴᠢᠮ ᠢ ᠴᠢᠩᠭᠠᠷᠠᠭᠤᠯᠵᠤ᠂ ᠳᠡᠭᠡᠳᠦ

ᠰᠢᠨᠵᠢᠯᠡᠬᠦ ᠤᠬᠠᠭᠠᠨ ᠮᠡᠷᠭᠡᠵᠢᠯ᠂ ᠥᠨᠳᠥᠷ ᠨᠡᠮᠡᠯᠲᠡ ᠦᠷᠳᠡᠭ ᠲᠠᠢ᠂ ᠳᠣᠣᠷ᠎ᠠ ᠭᠠᠳᠠᠭᠰᠢᠯᠠᠭᠤᠯᠬᠤ ᠠᠵᠤ

ᠦᠢᠯᠡᠰ ᠲᠤ ᠴᠢᠭᠯᠡᠭᠦᠯᠦᠨ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠪᠣᠬᠢᠷᠲᠤᠯ ᠢ ᠵᠠᠰᠠᠬᠤ ᠣᠷᠴᠢᠨ

ᠲᠣᠭᠤᠷᠢᠨ ᠤ ᠬᠠᠮᠠᠭᠠᠯᠠᠯᠲᠠ ᠶᠢᠨ ᠠᠵᠤ ᠠᠬᠤᠶᠢᠯᠠᠯ ᠢ ᠬᠠᠷᠠᠯᠲᠠ ᠲᠠᠢ ᠵᠣᠯᠭᠠᠭᠤᠯᠵᠤ᠂ ᠠᠵᠤ ᠠᠬᠤᠢ ᠶᠢᠨ

ᠬᠥᠭᠵᠢᠯᠲᠡ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠣᠰ ᠠᠮᠵᠢᠯᠲᠠ ᠶᠢ ᠤᠯᠬᠤ ᠵᠠᠮ ᠢᠶᠠᠷ ᠦᠨᠡᠨᠬᠦ

ᠰᠠᠶᠢᠲᠤᠷ ᠵᠠᠮᠨᠠᠬᠤ ᠬᠡᠷᠡᠭᠲᠡᠢ᠃ ᠲᠣᠭᠠᠴᠢᠯᠠᠭᠰᠠᠨ ᠠᠵᠤ ᠠᠬᠤᠢ᠂ ᠳᠣᠣᠷ᠎ᠠ ᠠᠭᠠᠷ ᠤᠨ ᠠᠵᠤ ᠠᠬᠤᠢ᠂ AI

ᠪᠤᠳᠤᠬᠤ ᠬᠦᠴᠦᠨ ᠤ ᠲᠥᠪ᠂ ᠲᠡᠷᠭᠡᠨ ᠵᠠᠮ ᠤᠨ ᠡᠭᠦᠯᠡ ᠶᠢ ᠨᠢᠭᠡ ᠴᠤᠭᠴᠠᠵᠢᠭᠤᠯᠬᠤ ᠵᠡᠷᠭᠡ ᠡᠮᠦᠨ᠎ᠡ ᠵᠠᠬ᠎ᠠ ᠶᠢᠨ

ᠬᠦᠷᠢᠶ᠎ᠡ ᠶᠢ ᠴᠢᠩᠭ᠎ᠠ ᠠᠩᠬᠠᠷᠴᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠲᠥᠯᠥᠪᠵᠢᠭᠦᠯᠦᠨ

ᠪᠠᠶᠢᠷᠢᠰᠢᠭᠤᠯᠤᠨ᠎ᠠ᠃ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ︽

ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠢᠲᠠᠢ ᠨᠠᠢᠷᠠᠭᠤᠯᠤᠨ ᠵᠣᠬᠢᠶᠠᠨ᠎ᠠ᠃

ᠤᠯᠤᠰ ᠤᠨ ᠡᠳ᠋ ᠤᠨ ᠵᠠᠰᠠᠭ ᠤᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠠᠰᠢᠭ ᠣᠯᠬᠤ

ᠬᠤᠭᠤᠴᠠᠭ᠎ᠠ ᠶᠢ ᠪᠠᠲᠤ ᠡᠵᠡᠮᠳᠡᠵᠦ᠂ ᠲᠥᠷᠥ ᠶᠢᠨ ᠪᠣᠳᠣᠯᠭ᠎ᠠ ᠪᠠᠯᠠ ᠮᠥᠩᠭᠦ ᠪᠠᠷ ᠲᠡᠳᠬᠦᠬᠦ ᠴᠢᠭᠯᠡᠯ ᠢ ᠨᠡᠪᠲᠡᠷᠡᠲᠡᠯ᠎ᠡ

ᠣᠶᠢᠯᠠᠭᠠᠵᠤ᠂ ᠨᠠᠩ ᠣᠯᠠᠨ ᠲᠥᠷᠥᠯ ᠵᠦᠢᠯ ᠢ ᠳᠡᠭᠡᠳᠦ ᠱᠠᠲᠤᠨ ᠤ ᠪᠠᠯᠠ ᠮᠥᠩᠭᠦ ᠶᠢᠨ ᠬᠡᠪᠴᠢᠶᠡᠨ ᠳᠤ

ᠣᠷᠣᠭᠤᠯᠬᠤ ᠪᠠᠷ ᠴᠢᠷᠮᠠᠶᠢᠨ᠎ᠠ᠃ ᠲᠦᠷᠦᠯ ᠵᠦᠢᠯ ᠢ ᠲᠥᠯᠥᠪᠵᠢᠭᠦᠯᠬᠦ᠂ ᠨᠠᠶᠢᠳᠠᠪᠤᠷᠢᠵᠢᠭᠤᠯᠬᠤ᠂ ᠪᠦᠳᠦᠭᠡᠨ

ᠪᠠᠶᠢᠭᠤᠯᠬᠤ᠂ ᠦᠷ᠎ᠡ ᠪᠦᠲᠦᠮᠵᠢ ᠭᠠᠷᠭᠠᠬᠤ᠂ ᠦᠢᠯᠡᠴᠢᠯᠡᠬᠦ ᠵᠡᠷᠭᠡ ᠭᠤᠭᠴᠤᠭ᠎ᠠ ᠶᠢᠨ ᠲᠠᠯ᠎ᠠ ᠪᠠᠷ ᠦᠷᠭᠦᠯᠵᠢᠯᠡᠨ

ᠬᠦᠴᠦᠯᠡᠵᠦ᠂ ᠡᠪᠦᠯ ᠤᠨ ᠠᠮᠠᠷᠠᠯᠲᠠ ᠶᠢ ᠠᠮᠵᠢᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠢ

ᠨᠠᠷᠢᠯᠢᠭ ᠬᠢᠵᠦ᠂ ︽ᠬᠠᠪᠤᠷ ᠤᠨ ᠡᠬᠢ ᠪᠠᠷ ᠳᠠᠷᠤᠢ ᠠᠵᠢᠯ ᠡᠬᠢᠯᠡᠭᠦᠯᠬᠦ︾ ᠶᠢ ᠪᠠᠲᠤᠯᠠᠬᠤ ᠬᠡᠷᠡᠭᠲᠡᠢ᠃ ᠪᠦᠬᠦ

ᠵᠢᠯ ᠳᠤ 48 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ 59.6 ᠳ᠋ᠦᠩᠰᠢᠭᠤᠷ ᠲᠥᠭᠦᠷᠢᠭ ᠤᠨ ᠪᠡᠯᠡ

ᠣᠷᠣᠭᠤᠯᠤᠯᠲᠠ ᠶᠢ ᠪᠡᠶᠡᠯᠡᠭᠦᠯᠤᠨ᠎ᠡ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠡᠷᠡᠭᠯᠡᠭᠡᠨ ᠤ

ᠠᠮᠢᠵᠢᠷᠠᠯ ᠤᠨ ᠬᠦᠴᠦᠨ ᠢ  ᠬᠦᠭᠵᠢᠭᠡᠨ᠎ᠡ᠃ ︽ᠬᠤᠶᠠᠷ ᠰᠢᠨ᠎ᠡ︾ ᠶᠢᠨ ᠲᠥᠷᠥ ᠶᠢᠨ ᠪᠣᠳᠣᠯᠭ᠎ᠠ ᠶᠢᠨ ᠠᠰᠢᠭ

ᠲᠤᠰᠠ ᠶᠢ ᠠᠳᠬᠤᠵᠤ᠂ ᠤᠯᠠᠷᠢᠯ ᠪᠦᠷᠢ ᠨᠢᠭᠡ ᠤᠳᠠᠭ᠎ᠠ ᠵᠠᠰᠠᠭ ᠤᠨ ᠣᠷᠳᠣᠨ ᠤ ᠨᠥᠬᠦᠪᠥᠷᠢ ᠪᠠᠷ

ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠠᠩ ᠣᠯᠠᠨ ᠬᠡᠷᠡᠭᠯᠡᠭᠡ ᠶᠢ ᠲᠠᠲᠠᠵᠤ᠂

ᠬᠤᠷᠰᠢᠶ᠎ᠠ ᠶᠢᠨ  ᠳᠠᠩ ᠨᠡᠮᠡᠭᠳᠡᠯ ᠢ ᠳᠠᠶᠢᠴᠢᠯᠠᠨ᠎ᠠ︔ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ

ᠠᠬᠤᠶ ᠳᠤ ᠦᠵᠡᠭᠦᠯᠬᠦ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠬᠢᠭᠡᠳ ᠲᠣᠰ ᠭᠠᠵᠠᠷ ᠤᠨ

ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠦᠨᠵᠡᠭᠡᠶ ᠬᠠᠮᠲᠤᠷᠠᠯᠴᠠᠭ᠎ᠠ ᠶᠢ ᠬᠦᠴᠦᠯᠡᠨ ᠠᠬᠢᠭᠤᠯᠵᠤ᠂ ᠶᠡᠭᠡ

ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ

ᠦᠢᠯᠡᠰ ᠤᠨ ᠭᠤᠷᠪᠠᠳᠤᠭᠠᠷ ᠠᠵᠤ ᠦᠢᠯᠡᠰ ᠤᠨ ᠡᠵᠡᠯᠡᠬᠦ ᠬᠤᠪᠢ ᠶᠢᠨ ᠵᠢᠩ ᠢ 12% ᠠᠴᠠ ᠳᠠᠪᠠᠭᠤᠯᠬᠤ ᠪᠠᠷ

ᠴᠢᠷᠮᠠᠶᠢᠨ᠎ᠠ᠃

    ︵ᠬᠤᠶᠠᠷ︶ ᠬᠡᠪᠴᠢᠶ᠎ᠡ ᠶᠢ ᠲᠣᠭᠲᠠᠪᠤᠷᠢᠵᠢᠭᠤᠯᠬᠤ᠂ ᠪᠦᠲᠦᠴᠡ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂

ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠰᠠᠭᠤᠷᠢ ᠶᠢ ᠪᠠᠲᠤ ᠴᠣᠭᠴᠠᠯᠠᠨ᠎ᠠ᠃ ᠲᠤᠰ ᠭᠠᠵᠠᠷ ᠤᠨ

ᠬᠠᠷᠢᠴᠠᠭᠤᠯᠤᠭᠰᠠᠨ ᠳᠠᠪᠠᠭᠤᠯᠢᠭ ᠵᠢᠴᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠠᠩᠬᠠᠷᠤᠯ ᠢᠶᠠᠨ

ᠲᠥᠪᠯᠡᠷᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠠᠵᠤ ᠠᠬᠤᠢ ᠶᠢᠨ

ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠤᠯᠠᠮᠵᠢᠯᠠᠯᠲᠤ

ᠠᠵᠤ ᠦᠢᠯᠡᠰ ᠤᠨ ᠰᠠᠭᠤᠷᠢ ᠶᠢ ᠪᠠᠲᠤ ᠴᠣᠭᠴᠠᠯᠠᠨ᠎ᠠ᠃ ᠵᠢᠶᠠᠨ ᠯᠦᠩ ᠤᠨ ᠪᠤᠭᠤᠲᠤ ᠶᠢᠨ ᠪᠤᠯᠤᠳ ᠲᠡᠮᠤᠷ ᠤᠨ

ᠺᠣᠮᠫᠠᠨᠢ ᠶᠢᠨ ᠸᠠᠨ ᠲᠧᠩ ᠤᠶᠤᠨᠴᠢᠯᠠᠭᠰᠠᠨ ᠥᠭᠡᠷᠡᠴᠢᠯᠡᠯᠲᠡ᠂ ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ

ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠥᠪᠥᠷ ᠮᠣᠩᠭᠤᠯ ᠤᠨ ᠨᠡᠭᠦᠷᠡᠰᠦᠨ ᠤ

ᠠᠷᠠᠯᠵᠢᠶᠠᠨ ᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠪᠣᠬᠢᠷᠲᠤᠯ ᠦᠭᠡᠢ

ᠨᠡᠭᠦᠷᠡᠰᠦᠲᠥ᠋ᠷᠥᠭᠴᠢ ᠪᠠᠭ᠎ᠠ ᠪᠣᠯᠪᠠᠰᠤᠷᠠᠭᠤᠯᠬᠤ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ ᠢ 2 ᠪᠠᠶᠢᠭᠤᠯᠤᠨ

ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠤᠬᠢᠶᠠᠵᠤ ᠰᠢᠯᠢᠬᠦ ᠠᠵᠤ ᠠᠬᠤᠶᠢᠯᠠᠯ ᠢ ᠬᠠᠤᠯᠢ

ᠲᠣᠭᠲᠠᠭᠠᠯ ᠶᠣᠰᠣᠭᠠᠷ ᠴᠡᠪᠡᠷᠯᠡᠨ ᠨᠡᠶᠢᠯᠡᠭᠦᠯᠵᠦ᠂ ᠦᠢᠯᠡᠳᠪᠦᠷᠢᠯᠡᠬᠦ ᠴᠢᠳᠠᠪᠤᠷᠢ ᠶᠢ 2500 ᠲᠦᠮᠡᠨ ᠲᠣᠨ

ᠣᠷᠴᠢᠮ ᠪᠣᠯᠭᠠᠨ ᠪᠠᠭᠠᠰᠬᠠᠵᠤ᠂ ᠤᠬᠢᠶᠠᠵᠤ ᠰᠢᠯᠢᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ

ᠪᠡᠶᠡᠯᠡᠭᠦᠯᠦᠨ᠎ᠡ᠃ ᠨᠡᠭᠦᠷᠡᠰᠦ ᠳᠤ ᠬᠤᠯᠪᠣᠭᠳᠠᠭᠰᠠᠨ ᠭᠠᠶᠢᠯᠢ ᠰᠦᠢᠳᠬᠡᠯ ᠢ ᠲᠠᠲᠠᠪᠤᠷᠢᠯᠠᠨ ᠬᠠᠮᠢᠶᠠᠷᠬᠤ ᠶᠢ

ᠴᠢᠩᠭᠠᠳᠬᠠᠵᠤ᠂ ᠮᠠᠯᠲᠠᠬᠤ᠂ ᠤᠬᠢᠶᠠᠬᠤ᠂ ᠴᠠᠬᠢᠯᠭᠠᠨ᠂ ᠬᠡᠤᠷᠡᠰᠦ ᠶᠢᠨ ᠠᠷᠠᠯᠵᠢᠶᠠᠨ ᠤ ᠲᠡᠭᠡᠭᠡᠪᠦᠷᠢᠯᠡᠨ

ᠪᠣᠷᠣᠯᠠᠭᠤᠯᠬᠤ ᠶᠢ ᠬᠢᠨᠠᠨ ᠬᠠᠮᠢᠶᠠᠷᠬᠤ ᠲᠠᠪᠴᠠᠩ ᠢ ᠪᠦᠷᠢᠨ ᠪᠦᠷᠬᠦᠭᠦᠯᠬᠦ ᠶᠢ ᠠᠬᠢᠭᠤᠯᠵᠤ᠂ ᠨᠡᠭᠦᠷᠡᠰᠦ ᠶᠢ ᠡᠮᠬᠢᠯᠡᠨ

ᠨᠡᠶᠢᠯᠡᠭᠦᠯᠦᠭᠰᠡᠨ ᠣᠷᠣᠨ ᠤ ᠠᠭᠤᠷᠬᠠᠢ ᠶᠢᠨ ᠣᠷᠣᠨ ᠢ ᠪᠢᠲᠡᠭᠦᠮᠵᠢᠯᠡᠬᠦ ᠶᠢ ᠬᠡᠷᠡᠭᠵᠢᠭᠦᠯᠵᠦ᠂ ᠤᠯᠠᠨ ᠰᠠᠯᠠᠭ᠎ᠠ

ᠮᠥᠴᠢᠷ ᠤᠨ ᠬᠤᠯᠪᠣᠭᠠᠯᠠᠨ ᠬᠥᠳᠡᠯᠦᠯᠴᠡᠬᠦ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠦᠢᠯᠡᠳᠪᠦᠷᠢᠯᠡᠬᠦ᠂

ᠲᠡᠭᠡᠭᠡᠪᠦᠷᠢᠯᠡᠨ ᠪᠣᠷᠣᠯᠠᠭᠤᠯᠬᠤ᠂ ᠡᠳ᠋ᠰᠢᠭᠦᠯᠬᠦ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ

ᠪᠦᠷᠢᠯᠳᠦᠭᠦᠯᠦᠨ᠎ᠡ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠴᠢᠩ

ᠲᠤᠤ ᠡᠶᠡᠷᠡᠬᠦ ᠲᠦᠢᠯ ᠤᠨ ᠮᠠᠲ᠋ᠧᠷᠢᠶᠠᠯ᠂ ᠸᠠᠨ ᠰᠧ ᠲᠦᠩ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ᠂

ᠢᠷᠪᠢᠰ ᠮᠣᠯᠢᠪᠳᠧᠨ ᠤ ᠤᠶᠤᠨᠲᠤ ᠠᠭᠤᠷᠬᠠᠢ ᠶᠢᠨ ᠺᠠᠷᠲ᠂ ᠵᠢᠩ ᠱᠧᠩ ᠭᠡᠷᠡᠯ ᠴᠡᠨᠡᠭ ᠤᠨ ᠲᠣᠨᠤᠭ ᠲᠥᠬᠦᠭᠡᠷᠦᠮᠵᠢ

ᠵᠡᠷᠭᠡ ᠲᠥᠷᠥᠯ ᠵᠦᠢᠯ ᠢ ᠡᠷᠲᠡᠬᠡᠨ ᠦᠢᠯᠡᠳᠪᠦᠷᠢᠯᠡᠯ ᠳᠤ ᠣᠷᠣᠭᠤᠯᠬᠤ ᠶᠢ ᠬᠦᠴᠦᠯᠡᠨ ᠠᠬᠢᠭᠤᠯᠪᠠ︔ ᠰᠢᠨ᠎ᠡ

ᠡᠨᠧᠷᠭᠢ ᠶᠢᠨ ᠬᠦᠨᠳᠦ ᠠᠴᠢᠶᠠᠨ ᠤ ᠮᠠᠰᠢᠨ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠱᠠᠨᠰᠢ ᠶᠢᠨ ᠮᠠᠰᠢᠨ

ᠲᠡᠷᠭᠡ᠂ ᠢᠷᠢᠳ ᠤᠨ ᠮᠣᠯᠢᠪᠳᠧᠨ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠡᠪᠴᠢᠶ᠎ᠡ ᠶᠢ

ᠨᠡᠮᠡᠭᠳᠡᠭᠦᠯᠪᠡ᠃ ︽  ᠠᠯᠠᠱᠠ ᠠᠴᠠ ᠦᠬᠠᠢ ᠳᠤ ᠴᠠᠬᠢᠯᠭᠠᠨ ᠭᠠᠷᠭᠠᠬᠤ ᠢᠨᠵᠧᠨᠧᠷᠢᠩ︾ ᠳᠤ

ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠣᠬᠢᠷᠲᠤᠯ ᠥᠬᠡᠶ ᠴᠠᠬᠢᠯᠭᠠᠨ ᠪᠠᠭᠲᠠᠭᠠᠨ ᠰᠢᠩᠭᠡᠭᠡᠬᠦ ᠰᠠᠭᠤᠷᠢᠨ

ᠭᠠᠵᠠᠷ ᠢ ᠪᠠᠶᠢᠭᠤᠯᠵᠤ᠂ ᠠᠵᠤ ᠦᠢᠯᠡᠳᠪᠦᠷᠢ ᠶᠢᠨ ᠦᠢᠯᠡᠳᠬᠦᠨ ᠤ ︽ᠨᠡᠭᠦᠷᠡᠰᠦᠲᠥ᠋ᠷᠥᠭᠴᠢ ᠶᠢᠨ ᠤᠯᠠ ᠮᠥᠷ︾

 ᠤᠨ ᠭᠡᠷᠡᠴᠢᠯᠡᠯ ᠶᠢ ᠰᠦᠪᠡᠭᠴᠢᠯᠡᠨ ᠠᠬᠢᠭᠤᠯᠵᠤ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ

ᠨᠡᠮᠡᠭᠳᠡᠭᠦᠯᠬᠦ ᠶᠢᠨ ᠬᠠᠮᠲᠤ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠣᠳᠣ

ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠲᠠᠪᠰᠢᠯᠳᠠ ᠶᠢ ᠠᠬᠢᠭᠤᠯᠤᠨ᠎ᠠ᠃ ᠬᠠᠷᠢᠯᠴᠠᠨ ᠮᠠᠶᠢᠮᠠᠶᠢᠯᠠᠬᠤ

ᠵᠠᠬ᠎ᠠ ᠳᠡᠯᠭᠡᠭᠦᠷ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠬᠤ ᠲᠠᠸᠠᠷ ᠢ ᠪᠡᠶᠡᠴᠢᠯᠡᠨ ᠣᠶᠢᠯᠠᠭᠠᠬᠤ ᠲᠥᠪ

ᠵᠡᠷᠭᠡ ᠨᠢᠭᠡ ᠪᠦᠯᠦᠭ ᠶᠠᠰᠤ ᠴᠢᠨᠠᠷ ᠢᠶᠠᠷ ᠰᠠᠶᠢᠨ᠂ ᠥᠷᠢᠰᠦᠯᠳᠦᠬᠦ ᠬᠦᠴᠦᠨ ᠢᠶᠠᠷ ᠴᠢᠩᠭ᠎ᠠ ᠲᠣᠮᠣ ᠬᠡᠯᠪᠡᠷᠢ ᠶᠢᠨ

ᠶᠡᠷᠦᠩᠬᠡᠶᠢᠯᠡᠭᠰᠡᠨ ᠪᠠᠷᠠᠭ᠎ᠠ ᠬᠤᠳᠠᠯᠳᠤᠨ ᠠᠪᠬᠤ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂

ᠨᠠᠷᠠᠲᠤ ᠲᠡᠮᠳᠡᠭᠲᠦ ᠶᠢᠨ ᠠᠩᠬᠠᠨ ᠤ ᠳᠡᠯᠭᠡᠭᠦᠷ ᠢ 30 ᠠᠴᠠ ᠳᠡᠭᠡᠭᠰᠢ ᠣᠷᠣᠭᠤᠯᠬᠤ ᠪᠠᠷ ᠴᠢᠷᠮᠠᠶᠢᠵᠤ᠂ ᠢ ᠯᠢᠨ

ᠬᠤᠳᠠᠯᠳᠤᠭᠠᠨ ᠤ ᠲᠥᠪᠯᠡᠷᠡᠯ ᠤᠨ ᠲᠣᠭᠤᠷᠢᠭ᠂ ᠸᠠᠨ ᠳ᠋ᠠ ᠣᠶᠤᠨᠴᠢ ᠬᠤᠳᠠᠯᠳᠤᠭᠠᠨ ᠤ ᠲᠣᠭᠤᠷᠢᠭ ᠢ ᠪᠣᠶ ᠪᠣᠯᠭᠠᠵᠤ

᠂ ᠦᠵᠦᠮ ᠤᠨ ᠵᠡᠭᠡᠯᠢ ᠵᠡᠷᠭᠡ ᠣᠨᠴᠠᠯᠢᠭᠲᠤ ᠬᠤᠳᠠᠯᠳᠤᠭᠠᠨ ᠤ ᠵᠡᠭᠡᠯᠢ ᠶᠢ ᠥᠭᠡᠷᠡᠴᠢᠯᠡᠨ ᠳᠡᠭᠡᠭᠰᠢᠯᠡᠭᠦᠯᠵᠦ᠂ ᠣᠯᠠᠨ

ᠡᠰᠢᠵᠢᠭᠰᠡᠨ᠂ ᠥᠪᠡᠷᠮᠢᠴᠡ ᠣᠨᠴᠠᠯᠢᠭ ᠲᠠᠢ ᠬᠡᠷᠡᠭᠯᠡᠭᠡᠨ ᠤ ᠪᠠᠶᠢᠳᠠᠯ ᠢ ᠪᠣᠶ ᠪᠣᠯᠭᠠᠨ᠎ᠠ᠃ ᠵᠢᠶᠠᠨ ᠯᠦᠩ ᠣᠶᠤᠨᠴᠢ

ᠪᠠᠷᠠᠭᠠᠨ ᠤ ᠭᠦᠢᠯᠭᠡᠭᠡ ᠵᠡᠷᠭᠡ 4 ᠲᠠᠪᠴᠠᠩ ᠤᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ︽ᠢᠨᠲ᠋ᠧᠷ

ᠰᠦᠯᠵᠢᠶᠡᠨ ᠤ ᠪᠣᠳᠠᠲᠤ ᠴᠣᠭᠴᠠ ᠶᠢᠨ ᠪᠠᠷᠠᠭᠠᠨ ᠤ ᠭᠦᠢᠯᠭᠡᠭᠡ︾ ᠶᠢᠨ ᠵᠠᠭᠪᠤᠷ ᠢ ᠪᠠᠶᠢᠭᠤᠯᠤᠨ᠎ᠠ᠃ ᠰᠣᠶᠣᠯ

ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠡᠯᠡᠰᠦᠨ ᠴᠦᠯ ᠤᠨ ᠡᠬᠢ

ᠪᠠᠶᠠᠯᠢᠭ ᠲᠤ ᠲᠦᠰᠢᠭᠯᠡᠨ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂

ᠠᠯᠠᠱᠠ ᠶᠢᠨ ᠬᠥᠷᠰᠢ ᠵᠡᠷᠭᠡᠯᠡᠳᠡᠭᠡ ᠭᠠᠵᠠᠷ ᠣᠷᠣᠨ ᠲᠠᠢ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠶᠢ

ᠥᠷᠨᠢᠭᠦᠯᠵᠦ᠂ 2 ᠰᠣᠳᠣᠨ ᠵᠢᠭᠤᠯᠴᠢᠯᠠᠯ ᠤᠨ ᠵᠠᠮ ᠱᠤᠭᠤᠮ ᠢ ᠳᠡᠭᠡᠭᠰᠢᠯᠡᠭᠦᠯᠦᠨ ᠥᠭᠡᠷᠡᠴᠢᠯᠡᠵᠦ᠂ ᠥᠨᠳᠥᠷ

ᠬᠤᠷᠳᠤᠴᠠᠲᠤ ᠲᠡᠮᠦᠷ ᠵᠠᠮ ᠲᠡᠷᠭᠡ ᠨᠡᠪᠲᠡᠷᠡᠭᠦᠯᠬᠦ ᠪᠠᠷ ᠠᠵᠠ ᠲᠣᠬᠢᠶᠠᠯ ᠪᠣᠯᠭᠠᠵᠤ᠂ ᠥᠨᠳᠥᠷ ᠬᠤᠷᠳᠤᠴᠠᠲᠤ ᠲᠡᠮᠦᠷ

ᠵᠠᠮ ᠤᠨ ᠵᠤᠭᠠᠴᠠᠭᠰᠠᠳ ᠢ ᠲᠥᠪᠯᠡᠷᠡᠭᠦᠯᠦᠨ ᠲᠠᠷᠬᠠᠭᠠᠬᠤ ᠦᠢᠯᠡᠴᠢᠯᠡᠭᠡᠨ ᠤ ᠲᠥᠪ ᠢ ᠪᠠᠶᠢᠭᠤᠯᠵᠤ᠂ ᠥᠨᠳᠥᠷ

ᠬᠤᠷᠳᠤᠴᠠᠲᠤ ᠲᠡᠮᠦᠷ ᠵᠠᠮ ᠤᠨ ᠵᠢᠭᠤᠯᠴᠢᠯᠠᠯ ᠤᠨ ᠲᠤᠰᠴᠤ ᠲᠠᠷᠬᠠᠭᠠᠬᠤ ᠲᠤᠰᠬᠠᠶ ᠱᠤᠭᠤᠮ ᠢ ᠨᠡᠪᠲᠡᠷᠡᠭᠦᠯᠵᠦ᠂

ᠢᠳᠡᠬᠦ᠂ ᠬᠤᠨᠣᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ ᠵᠡᠷᠭᠡ ᠵᠢᠭᠤᠯᠴᠢᠯᠠᠯ ᠤᠨ

ᠦᠢᠯᠡᠴᠢᠯᠡᠭᠡᠨ ᠤ ᠬᠦᠴᠦᠨ ᠵᠦᠢᠯ ᠢ ᠲᠡᠭᠦᠯᠳᠡᠷᠵᠢᠭᠦᠯᠵᠦ᠂ ︽ᠨᠢᠭᠡ ᠡᠳᠦᠷ ᠤᠨ ᠵᠢᠭᠤᠯᠴᠢᠯᠠᠯ︾ ᠢ ︽ᠣᠯᠠᠨ

ᠡᠳᠦᠷ ᠤᠨ ᠵᠢᠭᠤᠯᠴᠢᠯᠠᠯ︾ ᠳᠠᠰᠢ ᠬᠤᠪᠢᠷᠠᠭᠤᠯᠬᠤ᠂ ︽ᠬᠢᠯᠢ ᠥᠩᠭᠡᠷᠡᠬᠦ ᠵᠢᠭᠤᠯᠴᠢᠯᠠᠯ︾ ᠢ ︽ᠭᠦᠨᠴᠡ ᠲᠠᠢ

ᠵᠢᠭᠤᠯᠴᠢᠯᠠᠬᠤ︾ ᠳᠠᠰᠢ ᠲᠠᠰ ᠳᠡᠪᠰᠢᠭᠦᠯᠬᠦ ᠶᠢ ᠠᠬᠢᠭᠤᠯᠵᠤ᠂ ᠵᠤᠭᠠᠴᠠᠭᠰᠠᠳ ᠤᠨ ︽ᠤᠷᠤᠰᠬᠠᠯ ᠤᠨ ᠬᠡᠮᠵᠢᠶ᠎ᠡ︾

 ᠶᠢ ᠠᠵᠤ ᠠᠬᠤᠶ ᠶᠢᠨ ︽ᠨᠡᠮᠡᠭᠳᠡᠯ︾ ᠪᠣᠯᠭᠠᠨ ᠬᠤᠪᠢᠷᠠᠭᠤᠯᠤᠨ᠎ᠠ᠃ ᠲᠠᠷᠢᠶᠠᠯᠠᠩ ᠤᠨ ᠠᠵᠤ ᠦᠢᠯᠡᠰ ᠤᠨ ᠶᠠᠰᠤ

ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠥᠨᠳᠥᠷ ᠪᠠᠷᠢᠮᠵᠢᠶᠠᠲᠤ

ᠲᠠᠷᠢᠶᠠᠨ ᠭᠠᠵᠠᠷ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠠᠮᠤ

ᠪᠤᠳᠠᠭ᠎ᠠ᠂ ᠡᠯ᠎ᠡ ᠲᠥᠷᠥᠯ ᠤᠨ ᠢᠳᠡᠰᠢᠨ ᠨᠣᠭᠤᠭ᠎ᠠ ᠲᠠᠷᠢᠬᠤ ᠲᠠᠯᠠᠪᠠᠢ ᠶᠢ 1.54 ᠲᠦᠮᠡᠨ ᠮᠦ᠂ 6000

ᠮᠦ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠤ ᠪᠤᠳᠠᠭ᠎ᠠ ᠲᠣᠰᠣᠨ ᠤ ᠦᠢᠯᠡᠳᠪᠦᠷᠢᠯᠡᠯ ᠤᠨ ᠱᠤᠭᠤᠮ ᠢ

ᠡᠳ᠋ᠰᠢᠭᠦᠯᠬᠦ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂

ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠥᠷᠲᠡᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠤᠳᠠ ᠶᠢᠨ

ᠲᠡᠭᠦᠷᠭᠡ ᠶᠢᠨ ᠰᠣᠳᠣᠨ ᠬᠡᠯᠪᠡᠷᠢ ᠶᠢᠨ ᠰᠣᠳᠣᠨ ᠲᠠᠷᠢᠶᠠᠯᠠᠩ ᠢ ᠢᠳᠡᠪᠬᠢᠲᠡᠢ ᠬᠥᠭᠵᠢᠭᠦᠯᠵᠦ᠂ ᠢᠳᠡᠰᠢᠨ ᠨᠣᠭᠤᠭ᠎ᠠ

ᠲᠠᠷᠢᠬᠤ ᠲᠦᠷᠦᠯ ᠵᠦᠢᠯ ᠢ ᠰᠢᠯᠢᠳᠡᠭᠵᠢᠭᠦᠯᠵᠦ᠂ ᠲᠠᠷᠢᠶᠠᠨ ᠡᠮ ᠤᠨ ᠦᠯᠡᠳᠡᠭᠳᠡᠯ ᠪᠠᠶᠢᠴᠠᠭᠠᠨ ᠬᠡᠮᠵᠢᠯᠲᠡ ᠶᠢ

ᠴᠢᠩᠭᠠᠳᠬᠠᠵᠤ᠂ ᠢᠳᠡᠰᠢᠨ ᠨᠣᠭᠤᠭ᠎ᠠ ᠶᠢᠨ ᠠᠵᠤ ᠦᠢᠯᠡᠰ ᠢ ᠬᠥᠭᠵᠢᠭᠦᠯᠵᠦ᠂ ᠲᠤᠮᠤ ᠬᠡᠯᠪᠡᠷᠢ ᠶᠢᠨ

ᠬᠤᠳᠠᠯᠳᠤᠭᠠᠨ ᠤ ᠬᠡᠳᠦ ᠳᠡᠯᠭᠡᠭᠦᠷ᠂ ᠵᠢᠵᠢᠭ ᠲᠣᠭᠤᠷᠢᠭ ᠲᠤ ᠲᠤᠰ ᠭᠠᠵᠠᠷ ᠤᠨ ᠢᠳᠡᠰᠢᠨ ᠨᠣᠭᠤᠭ᠎ᠠ ᠪᠣᠷᠣᠯᠠᠭᠤᠯᠬᠤ

ᠲᠤᠰᠬᠠᠢ ᠲᠣᠭᠤᠷᠢᠭ ᠪᠠᠶᠢᠭᠤᠯᠵᠤ᠂ ᠬᠤᠳᠠ ᠶᠢᠨ ᠠᠷᠠᠳ ᠲᠤ ᠲᠤᠰ ᠭᠠᠵᠠᠷ ᠤᠨ ᠪᠣᠬᠢᠷᠲᠤᠯ ᠦᠭᠡᠢ ᠰᠠᠨᠠᠭ᠎ᠠ ᠠᠮᠤᠷ

ᠢᠳᠡᠰᠢᠨ ᠨᠣᠭᠤᠭ᠎ᠠ ᠶᠢ ᠢᠳᠡᠭᠦᠯᠬᠦ ᠬᠡᠷᠡᠭᠲᠡᠢ᠃ ︽ᠪᠣᠷᠣᠯᠠᠭᠤᠯᠤᠯᠲᠠ ᠶᠢᠨ ᠬᠡᠮᠵᠢᠶ᠎ᠡ ᠪᠠᠷ ᠤᠨᠠᠯᠲᠠ ᠶᠢ ᠲᠣᠭᠲᠠᠭᠠᠬᠤ

︾ ᠳᠤ ᠦᠵᠦᠮ ᠳᠠᠷᠢᠬᠤ ᠬᠡᠪᠴᠢᠶ᠎ᠡ ᠶᠢ ᠲᠣᠭᠲᠠᠭᠠᠵᠤ᠂ ᠴᠢᠨᠠᠷ ᠰᠠᠶᠢᠲᠠᠶ ᠰᠢᠨ᠎ᠡ ᠪᠦᠲᠦᠭᠡᠭᠳᠡᠬᠦᠨ ᠢ ᠰᠤᠳᠤᠯᠤᠨ

ᠨᠡᠭᠡᠭᠡᠵᠦ᠂ 5 ᠰᠣᠳᠣᠨ ᠲᠤᠰᠬᠠᠶ ᠬᠤᠳᠠᠯᠳᠤᠭᠠᠨ ᠤ ᠳᠡᠯᠭᠡᠭᠦᠷ ᠪᠠᠶᠢᠭᠤᠯᠤᠨ᠂ ︽ᠰᠦᠯᠵᠢᠶ᠎ᠡ ᠪᠠᠷ ᠰᠢᠭᠤᠳ

ᠨᠡᠪᠲᠡᠷᠡᠭᠦᠯᠬᠦ︾ ᠵᠡᠷᠭᠡ ᠡᠵᠡᠩᠨᠡᠨ ᠪᠣᠷᠣᠯᠠᠭᠤᠯᠬᠤ ᠰᠢᠨ᠎ᠡ ᠠᠷᠭ᠎ᠠ ᠵᠠᠮ ᠢ ᠨᠡᠭᠡᠭᠡᠵᠦ᠂ ᠦᠵᠦᠮ ᠳᠠᠷᠢᠬᠤ ᠨᠢ ᠰᠠᠶᠢᠨ᠂

ᠨᠠᠷᠠᠲᠤ ᠲᠡᠮᠳᠡᠭ ᠨᠢ ᠴᠢᠩᠭ᠎ᠠ᠂ ᠪᠣᠷᠣᠯᠠᠭᠤᠯᠬᠤ ᠵᠠᠮ ᠲᠠᠢ ᠪᠠᠶᠢᠬᠤ ᠶᠢ ᠦᠨᠡᠨ ᠬᠦ  ᠪᠠᠳᠤᠯᠠᠨ᠎ᠠ᠃ ︽ᠠᠵᠤ

ᠤᠶᠢᠯᠡᠤᠡᠪᠤᠷᠢ ᠲᠠᠷᠢᠶᠠᠯᠠᠩ ᠢ ᠲᠡᠳᠬᠦᠨ ᠳᠡᠮᠵᠢᠬᠦ︾ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂

ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠬᠢᠭᠡᠳ ᠲᠣᠰᠬᠤᠨ ᠤ ᠬᠠᠮᠲᠤ ᠶᠢᠨ ᠵᠣᠬᠢᠶᠠᠨ ᠪᠠᠶᠢᠭᠤᠯᠤᠯᠲᠠ ᠶᠢᠨ

ᠬᠤᠤᠰᠯᠠᠨ ᠬᠠᠪᠰᠤᠷᠤᠨ ᠲᠡᠳᠬᠦᠬᠦ ᠶᠢ ᠠᠬᠢᠭᠤᠯᠵᠤ᠂ ᠲᠥᠷᠥᠯ ᠵᠤᠶᠢᠯ ᠢ ᠪᠤᠶᠢᠵᠢᠭᠤᠯᠬᠤ ᠠᠵᠤ ᠦᠶ᠋ᠯᠡᠰ ᠢ

ᠬᠠᠮᠲᠤ ᠪᠠᠷ ᠰᠦᠪᠡᠭᠴᠢᠯᠡᠵᠦ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠢ ᠳᠠᠶᠢᠴᠢᠯᠠᠨ ᠣᠯᠠᠨ ᠠᠷᠭ᠎ᠠ ᠵᠠᠮ ᠢᠶᠠᠷ

ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃

      ︵ᠭᠤᠷᠪᠠ︶ ᠬᠠᠭᠤᠴᠢᠨ ᠵᠤᠷᠰᠢᠯ ᠢ ᠡᠪᠳᠡᠬᠦ᠂ ᠰᠢᠪᠲᠤᠯᠤᠯᠲᠠ ᠶᠢ ᠡᠷᠢᠯᠬᠢᠯᠡᠬᠦ ᠶᠢ ᠪᠠᠷᠢᠮᠲᠠᠯᠠᠵᠤ᠂

ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠤᠨ᠎ᠠ᠃ ᠰᠢᠨ᠎ᠡ ᠥᠭᠡᠷᠡᠴᠢᠯᠡᠯᠲᠡ ᠶᠢᠨ

ᠤᠨᠤᠯ ᠢᠶᠠᠷ ᠰᠢᠨ᠎ᠡ ᠦᠢᠯᠡᠳᠦᠯᠭᠡ ᠶᠢ ᠵᠢᠯᠣᠭᠤᠳᠴᠤ᠂ ᠰᠢᠨ᠎ᠡ ᠬᠤᠪᠢᠰᠤᠯᠲᠠ ᠶᠢ ᠬᠦᠳᠦᠯᠦᠨ ᠳᠠᠭᠠᠭᠤᠯᠵᠤ᠂

ᠴᠢᠬᠤᠯᠠ ᠶᠡᠭᠡ ᠲᠦᠷᠢᠮ ᠤᠨ ᠰᠢᠨ᠎ᠡ ᠶᠢ ᠡᠭᠦᠳᠬᠦ ᠶᠢ ᠬᠦᠴᠦᠯᠡᠨ ᠰᠠᠶᠢᠲᠤᠷ ᠠᠳᠬᠤᠵᠤ᠂ ᠪᠦᠬᠦ ᠨᠡᠶᠢᠭᠡᠮ ᠤᠨ

ᠳᠣᠲᠣᠭᠠᠳᠤ ᠶᠢᠨ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃

ᠭᠤᠣᠯᠳᠠᠯᠭ᠎ᠠ ᠲᠠᠢ ᠬᠦᠷᠢᠶᠡᠨ ᠳᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ

ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ᠂ ᠪᠦᠲᠦᠴᠡ ᠶᠢᠨ ᠲᠤᠬᠢᠷᠠᠭᠤᠯᠤᠯᠳᠠ ᠶᠢ

ᠰᠢᠯᠢᠳᠡᠭᠵᠢᠭᠦᠯᠵᠦ᠂ ᠤᠯᠤᠰ ᠤᠨ ᠥᠮᠴᠢᠯᠡᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠴᠢᠩᠭᠠᠳᠬᠠᠵᠤ᠂

ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠯᠢᠳᠡᠭᠵᠢᠭᠦᠯᠵᠦ᠂

ᠤᠯᠤᠰ ᠤᠨ ᠥᠮᠴᠢᠯᠡᠯ ᠤᠨ ᠡᠬᠢ ᠪᠠᠶᠠᠯᠢᠭ ᠤᠨ ᠠᠰᠢᠭ ᠣᠯᠵᠠᠪᠤᠷᠢ ᠶᠢ ᠪᠥᠬᠦ ᠬᠤᠲᠠ ᠶᠢᠨ ᠲᠥᠪ ᠬᠤᠲᠠ ᠶᠢᠨ

ᠲᠣᠭᠤᠷᠢᠭ ᠤᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠣᠷᠣᠨ ᠪᠦᠰᠡ ᠶᠢᠨ ᠬᠠᠮᠲᠤᠷᠠᠯᠴᠠᠭ᠎ᠠ ᠶᠢ

ᠭᠦᠨᠵᠡᠭᠡᠶᠢᠷᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠪᠡᠭᠡᠵᠢᠩ ᠵᠢᠴᠢ ᠬᠥᠷᠰᠢ ᠵᠡᠷᠭᠡᠯᠡᠳᠡᠭᠡ ᠭᠠᠵᠠᠷ

ᠣᠷᠣᠨ ᠯᠤᠭ᠎ᠠ ᠶᠢᠨ ᠭᠦᠨᠵᠡᠭᠡᠶ ᠰᠣᠯᠢᠯᠴᠠᠭ᠎ᠠ ᠶᠢ ᠴᠢᠩᠭᠠᠳᠬᠠᠨ᠂ ᠮᠥᠩᠭᠦᠨ ᠭᠦᠢᠯᠭᠡᠭᠡ᠂ ᠰᠤᠷᠭᠠᠨ ᠬᠥᠮᠦᠵᠢᠯ᠂

ᠡᠮ ᠡᠮᠨᠡᠯᠭᠡ᠂ ᠵᠢᠭᠤᠯᠴᠢᠯᠠᠯ᠂ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠬᠦᠷᠢᠶᠡᠨ ᠳᠤ ᠭᠦᠨᠵᠡᠭᠡᠶ

ᠬᠠᠮᠲᠤᠷᠠᠯᠴᠠᠭ᠎ᠠ ᠶᠢ ᠥᠷᠨᠢᠭᠦᠯᠦᠨ᠎ᠡ᠃ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃

ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠪᠠ ᠵᠢᠵᠢᠭ ᠬᠡᠯᠪᠡᠷᠢ ᠶᠢᠨ

ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠲᠦᠷᠭᠡᠳᠬᠡᠨ

ᠠᠬᠢᠭᠤᠯᠵᠤ᠂ ᠬᠦᠷᠢᠶᠡᠯᠡᠩ ᠲᠣᠭᠤᠷᠢᠭ ᠤᠨ ᠠᠵᠤ  ᠤᠶᠢᠯᠡᠰ ᠤᠨ ᠲᠥᠪᠯᠡᠷᠡᠯ ᠤᠨ ᠬᠡᠮᠵᠢᠶ᠎ᠡ ᠪᠠ ᠠᠵᠤ ᠠᠬᠤᠶ ᠶᠢᠨ

ᠬᠤᠪᠢ ᠨᠡᠮᠡᠷᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠵᠢᠵᠢᠭ ᠬᠡᠯᠪᠡᠷᠢ ᠶᠢᠨ ᠡᠳ᠋ᠰᠢᠭᠦᠯᠬᠦ

ᠬᠦᠷᠢᠶᠡᠯᠡᠩ ᠲᠣᠭᠤᠷᠢᠭ ᠢ ᠬᠤᠲᠠ ᠶᠢᠨ ᠢᠳᠡᠭᠡᠨ ᠡᠳ᠋ᠰᠢᠭᠦᠯᠬᠦ ᠬᠦᠷᠢᠶᠡᠯᠡᠩ ᠲᠣᠭᠤᠷᠢᠭ ᠪᠣᠯᠭᠠᠨ ᠪᠥᠲᠥᠭᠡᠨ

ᠪᠠᠶᠢᠭᠤᠯᠤᠨ᠎ᠠ᠃ ᠧᠨ ᠡᠾᠧ ᠶᠢᠨ 220KV ᠬᠦᠴᠦᠳᠡᠯ ᠥᠭᠡᠷᠡᠴᠢᠯᠡᠬᠦ ᠥᠷᠲᠡᠭᠡ ᠶᠢ ᠪᠠᠶᠢᠭᠤᠯᠤᠨ

ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠨᠡᠭᠡᠭᠡᠯᠲᠡ ᠶᠢᠨ ᠲᠣᠭᠤᠷᠢᠭ ᠤᠨ ᠬᠤᠶᠢᠲᠤ ᠲᠣᠭᠤᠷᠢᠭ ᠤᠨ

ᠲᠡᠷᠭᠡᠨ ᠵᠣᠭᠰᠣᠭᠠᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠯᠠᠬᠤ ᠲᠠᠯᠠᠪᠠᠶ ᠵᠡᠷᠭᠡ ᠲᠥᠷᠥᠯ ᠵᠤᠶᠢᠯ ᠤᠨ

ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ  ᠤᠶᠢᠯᠡᠤᠡᠪᠤᠷᠢ ᠶᠢᠨ ᠪᠣᠬᠢᠷ ᠤᠰᠤ ᠰᠢᠢᠤᠡᠪᠤᠷᠢᠯᠡᠬᠦ 

ᠤᠶᠢᠯᠡᠤᠡᠪᠤᠷᠢ ᠶᠢ ᠥᠭᠡᠷᠡᠴᠢᠯᠡᠨ ᠳᠡᠭᠡᠭᠰᠢᠯᠡᠭᠦᠯᠦᠨ᠎ᠡ᠃ ︽ᠪᠠᠷᠢᠮᠵᠢᠶᠠᠲᠤ ᠭᠠᠵᠠᠷ︾ ︽ᠪᠠᠷᠢᠮᠵᠢᠶᠠᠲᠤ

ᠤᠶᠢᠯᠡᠤᠡᠪᠤᠷᠢ ᠶᠢᠨ ᠬᠡᠷ ᠪᠠᠶᠢᠰᠢᠩ︾ ᠢᠶᠠᠷ ᠡᠭᠦᠷ ᠪᠠᠷᠢᠵᠤ ᠭᠠᠷᠤᠳᠢ ᠶᠢ ᠲᠠᠲᠠᠵᠤ᠂ ᠵᠠᠰᠠᠭ ᠤᠨ ᠶᠠᠪᠤᠳᠠᠯ ᠤᠨ 

ᠤᠶᠢᠯᠡᠴᠢᠯᠡᠭᠡᠨ ᠤ ᠠᠵᠢᠯ ᠤᠨ ᠥᠷᠲᠡᠭᠡ ᠶᠢᠨ ᠤᠶᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠠᠵᠤ

ᠠᠬᠤᠶᠢᠯᠠᠯ ᠤᠨ ᠬᠥᠭᠵᠢᠯᠲᠡ ᠶᠢᠨ ︽ᠤᠶᠢᠯᠡᠴᠢᠯᠡᠭᠡᠨ ᠤ ᠠᠵᠢᠯᠲᠠᠨ︾ ᠢ ᠰᠠᠶᠢᠲᠤᠷ ᠬᠢᠨ᠎ᠠ᠃ ᠬᠤᠳᠠᠯᠳᠤᠭ᠎ᠠ

ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠢ ᠲᠤᠰᠠᠯᠠᠬᠤ

ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ

ᠤᠶᠢᠯᠡᠴᠢᠯᠡᠭᠡᠨ ᠤ ᠠᠵᠤ ᠠᠬᠤᠶᠢᠯᠠᠯ ᠤᠨ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠤᠨ ᠬᠦᠴᠤᠨ ᠵᠤᠶᠢᠯ ᠢ

ᠰᠢᠨ᠎ᠡ ᠴᠢᠨᠠᠷ ᠤᠨ ᠤᠶᠢᠯᠡᠤᠡᠪᠤᠷᠢᠯᠡᠯ ᠤᠨ ᠬᠦᠴᠦᠨ ᠳᠠᠰᠢ ᠲᠥᠪᠯᠡᠷᠡᠭᠦᠯᠬᠦ᠂ ᠴᠢᠨᠠᠷ ᠰᠠᠶᠢᠲᠠᠶ ᠠᠵᠤ ᠠᠬᠤᠶᠢᠯᠠᠯ

ᠳᠠᠰᠢ ᠬᠡᠯᠪᠠᠶᠢᠯᠭᠡᠬᠦ ᠶᠢ ᠠᠬᠢᠭᠤᠯᠤᠨ᠂ ︽ᠰᠢᠩᠭᠡᠯᠢᠭ ᠢᠶᠠᠨ ᠰᠤᠯᠠᠯᠠᠨ ᠰᠢᠪᠠᠭᠤ ᠰᠣᠯᠢᠬᠤ︾ ᠶᠢ ᠶᠡᠬᠡᠪᠡᠷ ᠠᠬᠢᠭᠤᠯᠵᠤ

᠂ ᠡᠨᠧᠷᠭᠢ ᠶᠢᠨ ᠬᠤᠷᠣᠭᠳᠠᠯ᠂ ᠤᠰᠤᠨ ᠤ ᠡᠷᠬᠡ ᠵᠡᠷᠭᠡ ᠶᠢᠨ ᠭᠦᠶ᠋ᠴᠡᠳᠬᠡᠯ ᠲᠤᠭ᠎ᠠ ᠶᠢ ᠴᠢᠷᠮᠠᠶᠢᠨ ᠤᠯᠬᠤ ᠶᠢ

ᠴᠢᠩᠭᠠᠳᠬᠠᠨ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠤᠶᠢᠯᠡᠴᠢᠯᠡᠭᠡᠨ ᠤ ᠡᠷᠴᠢᠮ ᠢ ᠴᠢᠩᠭᠠᠷᠠᠭᠤᠯᠵᠤ᠂ ᠵᠠᠰᠠᠭ

ᠪᠠᠩᠬᠢ ᠠᠵᠤ ᠠᠬᠤᠶᠢᠯᠠᠯ ᠤᠨ ᠵᠣᠯᠭᠠᠯᠴᠠᠭ᠎ᠠ ᠶᠢ ᠭᠦᠨᠵᠡᠭᠡᠶᠢᠷᠡᠭᠦᠯᠦᠨ᠂ ᠮᠥᠩᠭᠦᠨ ᠭᠦᠢᠯᠭᠡᠭᠡᠨ ᠤ ᠤᠶᠢᠯᠡᠴᠢᠯᠡᠭᠡᠨ ᠤ

ᠥᠷᠲᠡᠭᠡ ᠪᠠᠶᠢᠭᠤᠯᠵᠤ᠂ ᠪᠠᠯᠠ ᠮᠥᠩᠭᠦ ᠵᠡᠷᠭᠡ ᠬᠦᠴᠦᠨ ᠵᠤᠶᠢᠯ ᠤᠨ ᠪᠠᠲᠤᠯᠠᠭ᠎ᠠ ᠶᠢ ᠰᠠᠶᠢᠲᠤᠷ ᠬᠢᠵᠦ᠂ ᠲᠥᠷᠥᠯ

ᠵᠤᠶᠢᠯ ᠢ ᠣᠷᠣᠭᠤᠯᠤᠨ ᠠᠪᠴᠢᠷᠠᠵᠤ᠂ ᠨᠠᠶᠢᠳᠠᠪᠤᠷᠢᠵᠢᠭᠤᠯᠵᠤ᠂ ᠬᠤᠯᠠ ᠶᠠᠪᠤᠬᠤ ᠶᠢ ᠦᠨᠡᠨᠬᠦ ᠪᠠᠲᠤᠯᠠᠨ᠎ᠠ᠃ ᠠᠵᠢᠯ

ᠶᠠᠪᠤᠳᠠᠯ ᠭᠦᠢᠴᠡᠤᠡᠭᠡᠬᠦ ᠴᠤᠪᠤᠷᠠᠯ ᠢ ᠰᠢᠯᠢᠳᠡᠭᠵᠢᠭᠦᠯᠵᠦ᠂ ᠶᠡᠭᠡ ᠬᠦᠴᠦ ᠣᠷᠣᠭᠤᠯᠤᠨ ᠠᠵᠤ ᠠᠬᠤᠶᠢᠯᠠᠯ ᠪᠠ ᠣᠯᠠᠨ

ᠲᠦᠮᠡᠨ ᠤ ᠠᠵᠢᠯ ᠶᠠᠪᠤᠳᠠᠯ ᠭᠦᠢᠴᠡᠤᠡᠭᠡᠬᠦ ᠶᠠᠪᠤᠴᠠ ᠳᠠᠬᠢ ᠲᠦᠭᠵᠢᠷᠡᠯ ᠤᠨ ᠠᠰᠠᠭᠤᠳᠠᠯ ᠢ ᠰᠢᠢᠤᠡᠪᠤᠷᠢᠯᠡᠵᠤ᠂

ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠬᠦᠴᠦᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠵᠤ

ᠠᠬᠤᠶᠢᠯᠠᠯ ᠢᠶᠠᠷ ᠬᠠᠪᠰᠤᠷᠤᠨ ᠲᠡᠳᠬᠦᠬᠦ ᠶᠢ ᠲᠣᠳᠣᠷᠬᠠᠶ ᠬᠠᠭᠤᠳᠠᠰᠤᠴᠢᠯᠠᠭᠰᠠᠨ᠂ ᠵᠠᠬᠢᠶᠠᠯᠠᠭ᠎ᠠ ᠶᠢᠨ ᠮᠠᠶ᠋ᠢᠭ ᠢᠶᠠᠷ

ᠥᠷᠨᠢᠭᠦᠯᠵᠦ᠂ ᠴᠢᠩ ᠲᠦᠦ᠂ ᠢᠷᠢᠳᠢᠪᠳᠤᠨ ᠵᠡᠷᠭᠡ ᠠᠵᠤ ᠠᠬᠤᠶᠢᠯᠠᠯ ᠤᠨ ᠡᠷᠬᠢᠨ ᠲᠣᠭᠤᠷᠢᠨ ᠤ ᠣᠷᠣᠨ

ᠪᠦᠰᠡ ᠯᠦᠭᠡ ᠬᠠᠩᠭᠠᠯᠭ᠎ᠠ ᠬᠡᠷᠡᠭᠴᠡᠭᠡ ᠪᠠᠨ ᠵᠣᠯᠭᠠᠭᠤᠯᠬᠤ ᠶᠢ ᠭᠤᠤᠯᠳᠠᠯᠭ᠎ᠠ ᠲᠠᠢ ᠲᠡᠳᠬᠦᠵᠦ᠂ ᠠᠵᠤ

ᠠᠬᠤᠶᠢᠯᠠᠯ ᠤᠨ ᠵᠠᠬᠢᠶᠠᠯᠠᠭ᠎ᠠ ᠶᠢᠨ ᠬᠠᠭᠤᠳᠠᠰᠤ ᠤᠯᠬᠤ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠨ᠎ᠡ᠃ ᠠᠵᠤ

ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠶᠢ

ᠥᠷᠨᠢᠭᠦᠯᠵᠦ᠂ ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ᠂ ᠬᠡᠷᠡᠭᠴᠡᠭᠡ ᠲᠠᠢ ᠪᠣᠯ ᠵᠠᠪᠠᠯ ᠬᠦᠷᠬᠦ ᠶᠢ

ᠪᠡᠶᠡᠯᠡᠭᠦᠯᠦᠨ᠎ᠡ᠃ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠭᠦᠢᠴᠡᠳ ᠬᠥᠭᠵᠢᠭᠡᠨ᠎ᠡ᠃ ᠳᠡᠭᠡᠳᠦ ᠱᠠᠲᠤᠨ ᠤ

ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠮᠥᠩᠭᠦ ᠶᠢᠨ ᠳᠡᠮᠵᠢᠯᠭᠡ ᠶᠢ ᠶᠡᠬᠡᠪᠡᠷ ᠣᠯᠵᠤ᠂  ᠲᠤᠭᠤᠷᠢᠭ ᠤᠨ ᠲᠣᠰ

ᠱᠠᠲᠤᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ 2200 ᠲᠦᠮᠡᠨ ᠲᠥᠭᠦᠷᠢᠭ ᠳᠣᠭᠢᠷᠠᠭᠤᠯᠤᠨ᠂

ᠡᠯ᠎ᠡ ᠬᠦᠷᠢᠶ᠎ᠡ ᠴᠠᠷᠠᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃

ᠠᠺᠠᠳᠧᠮᠢᠴᠢ ᠶᠢᠨ ᠠᠵᠢᠯ ᠤᠨ ᠥᠷᠲᠡᠭᠡ ᠳᠤ ᠡᠷᠦᠬᠡ ᠠᠮᠠ ᠣᠷᠣᠭᠤᠯᠬᠤ ᠪᠠᠷ ᠢᠳᠡᠪᠬᠢᠲᠡᠶ ᠴᠢᠷᠮᠠᠶᠢᠵᠤ᠂ ᠵᠥᠩ

ᠭᠤᠸᠠᠨ ᠼᠦᠨ ᠤ ᠠᠵᠤ  ᠤᠶᠢᠯᠡᠰ ᠤᠨ ᠬᠥᠭᠵᠢᠯᠲᠡ ᠶᠢᠨ ᠪᠦᠯᠦᠭᠯᠡᠯ ᠢ ᠣᠷᠣᠭᠤᠯᠤᠨ ᠠᠪᠴᠢᠷᠠᠵᠤ᠂ ᠰᠢᠨᠵᠢᠯᠡᠬᠦ

ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠲᠡᠳᠡᠨ ᠰᠠᠭᠤᠯᠭᠠᠨ᠎ᠠ᠃ ᠴᠢᠩ ᠲᠤᠤ᠂ ᠢᠷᠢᠳᠢ

ᠮᠤᠯᠢᠪᠳᠤᠨ ᠵᠡᠷᠭᠡ 4 ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠥᠲᠥᠭᠡᠨ

ᠪᠠᠶᠢᠭᠤᠯᠤᠯᠲᠠ ᠶᠢ ᠲᠦᠷᠭᠡᠳᠬᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ

ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 15 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ

ᠴᠢᠷᠮᠠᠶᠢᠵᠤ᠂ ︽ᠬᠤᠲᠠ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ + ᠡᠷᠬᠢᠨ

ᠲᠣᠭᠤᠷᠢᠨ ᠤ ᠠᠵᠤ ᠤᠶᠢᠯᠡᠤᠡᠪᠤᠷᠢ ᠶᠢᠨ ᠬᠦᠷᠢᠶᠡᠯᠡᠩ︾ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ

᠃ ᠣᠲᠣ ᠶᠢᠨ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠤᠶᠢᠯᠡᠰ ᠤᠨ

ᠲᠥᠷᠥᠯ ᠵᠤᠶᠢᠯ ᠳᠤ ᠲᠦᠰᠢᠭᠯᠡᠨ᠂ ᠣᠯᠠᠨ ᠲᠦᠮᠡᠨ ᠤ ᠬᠦᠴᠦᠨ ᠢ ᠲᠥᠪᠯᠡᠷᠡᠭᠦᠯᠵᠦ᠂ ᠴᠢᠳᠠᠪᠤᠷᠢᠲᠠᠨ ᠪᠠ ᠣᠶᠤᠨ

ᠤᠬᠠᠭᠠᠨ ᠢ ᠣᠷᠣᠭᠤᠯᠤᠨ ᠠᠪᠴᠢᠷᠠᠵᠤ᠂ ᠣᠷᠣᠨ ᠰᠠᠭᠤᠴᠠ᠂ ᠡᠪᠡᠳᠴᠢᠨ ᠦᠵᠡᠭᠦᠯᠬᠦ᠂ ᠦᠷ᠎ᠡ ᠬᠡᠤᠬᠡᠳ ᠤᠨ

ᠰᠤᠷᠭᠠᠭᠤᠯᠢ ᠳᠤ ᠣᠷᠣᠬᠤ ᠵᠡᠷᠭᠡ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠳᠠᠪᠤᠷᠢᠲᠠᠨ ᠢ

ᠦᠯᠡᠳᠡᠭᠡᠵᠦ ᠳᠡᠶᠢᠯᠬᠦ ᠪᠣᠯᠭᠠᠵᠤ᠂ ᠨᠢᠭᠡ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠨᠢᠭᠡ ᠪᠦᠯᠬᠦᠮ ᠨᠡᠶᠢᠲᠡ ᠶᠢ

ᠴᠤᠭᠯᠠᠷᠠᠭᠤᠯᠬᠤ᠂ ᠨᠢᠭᠡ ᠠᠵᠤ ᠠᠬᠤᠶᠢᠯᠠᠯ ᠢ ᠪᠤᠶᠢᠵᠢᠭᠤᠯᠬᠤ᠂ ᠨᠢᠭᠡ ᠠᠵᠤ ᠤᠶᠢᠯᠡᠰ ᠢ ᠳᠠᠶᠢᠴᠢᠯᠠᠬᠤ ᠶᠢ

ᠪᠡᠶᠡᠯᠡᠭᠦᠯᠦᠨ᠎ᠡ᠃ ᠭᠠᠳᠠᠭᠰᠢ ᠨᠡᠭᠡᠭᠡᠯᠲᠡ ᠬᠢᠬᠦ ᠶᠢ ᠲᠠᠰᠤᠷᠠᠯᠲᠠ ᠦᠭᠡᠢ ᠥᠷᠭᠡᠳᠬᠡᠪᠡ᠃ ︽ᠪᠣᠭᠤᠮᠲᠠ +

ᠥᠷᠥᠴᠡ ᠭᠠᠵᠠᠷ︾ ᠤᠨ ᠬᠤᠯᠪᠣᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠵᠦ᠂ ᠨᠡᠭᠦᠷᠡᠰᠦᠨ ᠤ ᠪᠠᠷᠠᠭᠠᠨ ᠤ

ᠭᠦᠢᠯᠭᠡᠭᠡᠨ ᠤ ᠨᠢᠭᠡ ᠴᠤᠭᠴᠠᠵᠢᠭᠰᠠᠨ ᠡᠵᠡᠩᠨᠡᠯᠲᠡ ᠶᠢᠨ ᠰᠢᠰᠲ᠋ᠧᠮᠵᠢ ᠶᠢ ᠪᠠᠶᠢᠭᠤᠯᠤᠨ᠂ ᠭᠠᠳᠠᠨᠠᠬᠢ ᠣᠷᠣᠨ

ᠪᠦᠰᠡ ᠶᠢᠨ ᠨᠡᠭᠦᠷᠡᠰᠦ ᠣᠷᠣᠭᠤᠯᠵᠤ ᠢᠷᠡᠬᠦ ᠠᠷᠭ᠎ᠠ ᠵᠠᠮ ᠢ ᠥᠷᠭᠡᠳᠬᠡᠨ᠎ᠡ᠃ ᠵᠢᠶᠠᠨ ᠯᠦᠩ ᠪᠤᠭᠤᠲᠤ ᠶᠢᠨ ᠪᠣᠯᠣᠳ

ᠲᠡᠮᠦᠷ ᠤᠨ ᠺᠣᠮᠫᠠᠨᠢ ᠶᠢᠨ ᠸᠠᠨ ᠲᠤᠩ ᠵᠡᠷᠭᠡ ᠬᠥᠲᠥᠴᠢ ᠠᠵᠤ ᠠᠬᠤᠶᠢᠯᠠᠯ ᠳᠤ ᠮᠥᠷᠳᠡᠨ  ᠤᠶᠢᠯᠡᠴᠢᠯᠡᠵᠤ᠂

ᠭᠠᠳᠠᠭᠠᠳᠤ ᠶᠢᠨ ᠬᠤᠳᠠᠯᠳᠤᠭᠠᠴᠢᠨ ᠤ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢ ᠢᠳᠡᠪᠬᠢᠲᠡᠶ ᠪᠠᠷ

ᠣᠷᠣᠭᠤᠯᠤᠨ ᠠᠪᠴᠢᠷᠠᠵᠤ᠂ ᠠᠩᠬᠠᠳᠠᠭᠴᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢ ᠣᠷᠣᠭᠤᠯᠬᠤ ᠪᠠᠷ

ᠴᠢᠷᠮᠠᠶᠢᠵᠤ᠂ ᠭᠠᠳᠠᠭᠠᠳᠤ ᠠᠷᠠᠯᠵᠢᠶ᠎ᠠ ᠶᠢᠨ ᠲᠤᠭ᠎ᠠ ᠬᠡᠮᠵᠢᠶ᠎ᠡ ᠶᠢᠨ ᠦᠷᠭᠦᠯᠵᠢᠯᠡᠨ ᠨᠡᠮᠡᠭᠳᠡᠬᠦ ᠶᠢ ᠦᠨᠡᠨᠬᠦ ᠪᠠᠲᠤᠯᠠᠨ᠎ᠠ᠃

      ︵ᠳᠥᠷᠪᠡ︶ ᠨᠣᠭᠤᠭᠠᠨ ᠤᠰᠤ ᠶᠢ ᠬᠠᠮᠠᠭᠠᠯᠠᠬᠤ᠂ ᠬᠥᠬᠡᠮᠳᠦᠭ ᠠᠭᠤᠯᠠ ᠶᠢ ᠰᠠᠬᠢᠬᠤ ᠶᠢ ᠪᠠᠷᠢᠮᠲᠠᠯᠠᠵᠤ᠂

ᠠᠮᠢ ᠠᠬᠤᠶ ᠶᠢᠨ ᠬᠠᠯᠬᠠᠪᠴᠢ ᠶᠢ ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠰᠢ ᠶᠢᠨ ᠫᠢᠩ ᠤᠨ ᠠᠮᠢ

ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ

ᠡᠩ ᠲᠡᠷᠢᠭᠦᠨ ᠳᠤ ᠲᠠᠯᠪᠢᠬᠤ᠂ ᠪᠣᠬᠢᠷᠲᠤᠯ ᠥᠭᠡᠢ ᠪᠠᠷ ᠬᠥᠭᠵᠢᠭᠦᠯᠬᠦ ᠤᠨᠤᠯᠵᠢᠬᠤᠨ ᠢ ᠦᠢᠯᠡᠳᠦᠯᠭᠡᠵᠢᠭᠦᠯᠦᠨ᠂

ᠦᠵᠡᠰᠬᠦᠯᠡᠩᠲᠦ ᠰᠠᠶᠢᠬᠠᠨ ᠬᠠᠶᠢᠷᠤᠪ ᠤᠨ ᠲᠤᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ

ᠲᠥᠯᠬᠢᠨ ᠠᠬᠢᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠪᠠᠷ ᠠᠳᠬᠤᠵᠤ ᠰᠢᠨ᠎ᠡ ᠰᠢᠯᠭᠠᠯᠲᠠ ᠶᠢᠨ

ᠬᠠᠭᠤᠳᠠᠰᠤ ᠶᠢ ᠲᠤᠰᠢᠶᠠᠨ᠎ᠠ᠃ ᠡᠯ᠎ᠡ ᠲᠥᠷᠥᠯ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ

ᠰᠢᠮᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠳᠬᠤᠵᠤ᠂

ᠬᠡᠦᠷᠰᠢᠭᠦᠯᠬᠦ ᠠᠵᠤ ᠠᠬᠤᠶᠢᠯᠠᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢ ᠥᠭᠡᠷᠡᠴᠢᠯᠡᠬᠦ᠂ ᠲᠡᠤᠬᠡᠨ ᠠᠴᠠ

ᠦᠯᠡᠳᠡᠭᠳᠡᠵᠦ ᠢᠷᠡᠭᠰᠡᠨ ᠠᠭᠤᠷᠬᠠᠶ ᠶᠢ ᠵᠠᠰᠠᠬᠤ ᠵᠡᠷᠭᠡ 26 ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ

ᠬᠤᠭᠤᠴᠠᠭᠠᠨ ᠳᠤ  ᠪᠡᠶᠡᠯᠡᠭᠦᠯᠤᠨ᠎ᠡ᠃ ᠠᠭᠤᠷᠬᠠᠶ ᠶᠢᠨ ᠵᠠᠰᠠᠯᠲᠠ ᠶᠢᠨ ᠰᠢᠨ᠎ᠡ ᠦᠵᠡᠮᠵᠢ ᠶᠢ ᠵᠢᠷᠤᠭᠯᠠᠨ᠎ᠠ᠃

ᠠᠭᠤᠷᠬᠠᠶ ᠶᠢᠨ ᠵᠠᠰᠠᠯᠲᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠵᠢᠯ ᠤᠨ ᠠᠮᠵᠢᠯᠲᠠ

ᠪᠦᠲᠦᠮᠵᠢ ᠶᠢ ᠰᠢᠯᠭᠠᠨ ᠬᠢᠨᠠᠬᠤ ᠪᠠ ᠬᠢᠨᠠᠨ ᠪᠤᠳᠤᠵᠤ ᠮᠥᠷᠳᠡᠬᠦ ᠲᠣᠭᠲᠠᠴᠠ ᠶᠢ ᠪᠠᠶᠢᠭᠤᠯᠵᠤ᠂ 26 ᠠᠵᠤ

ᠠᠬᠤᠶᠢᠯᠠᠯ ᠤᠨ ᠵᠠᠰᠠᠯᠲᠠ ᠶᠢᠨ ᠡᠭᠦᠷᠭᠡ ᠶᠢ ᠨᠢᠭᠡ ᠠᠭᠤᠷᠬᠠᠶ ᠳᠤ ᠨᠢᠭᠡ ᠲᠥᠷᠥ ᠶᠢᠨ ᠪᠣᠳᠣᠯᠭ᠎ᠠ ᠪᠠᠷ ᠪᠡᠶᠡᠯᠡᠭᠦᠯᠵᠦ᠂

ᠺᠠᠪᠦ᠋ᠴᠢ᠂ ᠲᠡᠮᠡᠭᠡᠨ ᠠᠭᠤᠯᠠ ᠶᠢᠨ ᠠᠭᠤᠷᠬᠠᠶ ᠶᠢᠨ ᠣᠷᠣᠨ ᠤ ᠰᠢᠷᠣᠶ ᠭᠠᠳᠠᠭᠰᠢᠯᠠᠭᠤᠯᠬᠤ ᠲᠠᠯᠠᠪᠠᠶ ᠶᠢ ᠳᠠᠬᠢᠨ

ᠬᠠᠭᠠᠯᠪᠤᠷᠢᠯᠠᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠠᠭᠠᠷ ᠮᠠᠨᠳᠠᠯ ᠢ ᠵᠠᠰᠠᠬᠤ ᠰᠢᠨ᠎ᠡ ᠠᠯᠬᠤᠮ ᠢ  ᠠᠯᠬᠤᠨ᠎ᠠ᠃

ᠰᠢᠨ᠎ᠡ ᠡᠨᠧᠷᠭᠢ ᠶᠢᠨ ᠰᠤᠷᠪᠤᠯᠵᠢ ᠶᠢᠨ ᠬᠦᠨᠳᠦ ᠺᠠᠷᠲ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠪᠣᠬᠢᠷᠲᠤᠯ

ᠦᠭᠡᠢ ᠠᠭᠤᠷᠬᠠᠶ᠂ ᠪᠣᠬᠢᠷᠲᠤᠯ ᠦᠭᠡᠢ ᠦᠢᠯᠡᠳᠪᠦᠷᠢ ᠶᠢ 5 ᠠᠴᠠ ᠳᠡᠭᠡᠭᠰᠢ ᠡᠭᠦᠳᠦᠨ ᠪᠠᠶᠢᠭᠤᠯᠬᠤ ᠶᠢ

ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠠᠭᠤᠷᠬᠠᠶ ᠶᠢᠨ ᠣᠷᠣᠨ᠂ ᠬᠦᠷᠢᠶᠡᠯᠡᠩ ᠲᠣᠭᠤᠷᠢᠭ ᠵᠡᠷᠭᠡ

ᠭᠤᠤᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠳᠬᠠᠵᠤ᠂

ᠠᠮᠢ ᠠᠬᠤᠶ ᠶᠢᠨ ᠣᠷᠴᠢᠨ ᠲᠣᠭᠤᠷᠢᠨ ᠤ ︽ᠬᠤᠭᠤᠰᠣᠨ ᠣᠷᠣᠨ ᠵᠠᠶ︾ ᠶᠢ ᠨᠢᠭᠡ ᠴᠣᠠᠠᠴᠠᠵᠢᠭᠤᠯᠥᠠᠠᠰᠠᠨ

ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ  ᠤᠶᠢᠯᠡᠳᠤᠯ ᠢ ᠭᠦᠢᠴᠡᠤᠡ ᠪᠠᠳᠠᠷᠠᠭᠤᠯᠤᠨ᠂ ᠬᠦᠨᠳᠦ

ᠪᠣᠬᠢᠷᠲᠤᠯ ᠤᠨ ᠡᠬᠢ ᠶᠢ ᠬᠢᠨᠠᠨ ᠬᠡᠮᠵᠢᠵᠦ ᠪᠠᠶᠢᠷᠢ ᠲᠣᠭᠲᠠᠭᠠᠬᠤ ᠶᠢ ᠦᠷᠭᠦᠯᠵᠢᠯᠡᠨ ᠰᠠᠶᠢᠲᠤᠷ ᠬᠢᠵᠦ᠂ ᠥᠪᠡᠷᠲᠡᠭᠡᠨ

ᠵᠠᠰᠠᠬᠤ ᠣᠷᠣᠨ ᠤ ᠪᠠᠭᠤᠯᠭᠠᠭᠰᠠᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ

ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠤᠰᠤ ᠰᠢᠷᠣᠶ ᠶᠢ ᠬᠠᠮᠢᠶᠠᠷᠤᠨ

ᠬᠠᠮᠠᠭᠠᠯᠠᠬᠤ ᠰᠢᠨ᠎ᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ︽ᠤᠰᠤ ᠪᠠᠷ ᠳᠥᠷᠪᠡ ᠶᠢ ᠲᠣᠭᠲᠠᠭᠠᠬᠤ︾

ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠤᠨ᠂

ᠤᠰᠤᠨ ᠤ ᠡᠬᠢ ᠪᠠᠶᠠᠯᠢᠭ ᠢ ᠨᠠᠷᠢᠨ ᠨᠢᠮᠪᠠᠶ ᠪᠤᠳᠤᠵᠤ ᠰᠠᠶᠢᠲᠤᠷ ᠬᠡᠷᠡᠭᠯᠡᠵᠦ᠂ ᠤᠰᠤᠨ ᠤ ᠵᠠᠰᠠᠭ ᠵᠠᠬᠢᠷᠭᠠᠨ ᠤ

ᠬᠠᠤᠯᠢ ᠬᠡᠷᠡᠭᠵᠢᠭᠦᠯᠦᠯᠲᠡ ᠶᠢ ᠴᠢᠩᠳᠠᠯᠠᠵᠤ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠡᠷᠡᠰ ᠵᠠᠰᠠᠵᠤ

᠂ ᠬᠠᠲᠤᠨ ᠭᠤᠤᠯ ᠳᠠᠭᠠᠤ ᠶᠢᠨ ᠬᠥᠭᠡᠷᠭᠡ ᠶᠢᠨ ᠥᠷᠲᠡᠭᠡ ᠶᠢ ᠡᠮᠬᠢᠯᠡᠨ ᠨᠡᠶᠢᠯᠡᠭᠦᠯᠬᠦ ᠠᠵᠢᠯ ᠢ ᠡᠬᠢᠯᠡᠭᠦᠯᠵᠦ᠂

ᠪᠣᠷᠣᠭᠠᠨ ᠤ ᠤᠰᠤ ᠶᠢ ᠡᠭᠡᠭᠦᠯᠦᠨ ᠬᠤᠷᠢᠶᠠᠵᠤ ᠠᠰᠢᠭᠯᠠᠬᠤ ᠲᠥᠷᠥᠯ ᠵᠤᠶᠢᠯ ᠤᠨ ᠰᠤᠳᠤᠯᠤᠯ ᠢ ᠰᠠᠶᠢᠲᠤᠷ ᠬᠢᠵᠦ᠂

ᠤᠰᠤ ᠠᠷᠪᠢᠯᠠᠬᠤ ᠬᠡᠯᠪᠡᠷᠢ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢ

ᠯᠠᠪᠳᠠᠭᠤᠨ ᠢᠶᠠᠷ ᠠᠬᠢᠭᠤᠯᠤᠨ᠎ᠠ᠃ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ

ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠳ᠋ᠦᠩᠱᠠᠨ ᠤ ᠦᠶᠡᠷ ᠢ ᠰᠡᠷᠭᠡᠶᠢᠯᠡᠬᠦ ᠭᠤᠤ ᠶᠢ ᠵᠠᠰᠠᠬᠤ

2 ᠢᠨᠵᠧᠨᠧᠷᠢᠩ ᠢ ᠲᠦᠷᠭᠡᠪᠴᠢᠯᠡᠨ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂

ᠲᠠᠷᠢᠶᠠᠯᠠᠬᠤ ᠣᠷᠣᠨ ᠤ ᠪᠣᠬᠢᠷ ᠤᠰᠤ ᠰᠢᠢᠤᠡᠪᠤᠷᠢᠯᠡᠬᠦ ᠦᠢᠯᠡᠳᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠬᠦ

ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠬᠠᠲᠤᠨ ᠭᠤᠣᠯ ᠤᠨ ︽几 ᠦᠰᠦᠭ ᠤᠨ ᠮᠤᠷᠦ᠋ᠢᠯᠲᠠ︾ ᠶᠢᠨ

ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠷᠥᠰᠥ

ᠰᠢᠷᠣᠢ ᠶᠢᠨ ᠪᠣᠬᠢᠷᠲᠤᠯ ᠤᠨ ᠡᠬᠢ ᠡᠭᠦᠰᠦᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠥᠷᠥᠰᠥ ᠰᠢᠷᠣᠢ ᠶᠢᠨ

ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠠᠮᠢ ᠠᠬᠤᠢ ᠶᠢᠨ ᠬᠤᠷᠢᠭ᠎ᠠ ᠱᠤᠭᠤᠮ ᠢ ᠡᠷᠡᠰ

ᠰᠠᠬᠢᠨ᠎ᠠ᠃

      ︵ᠲᠠᠪᠤ︶ ᠳᠤᠲᠠᠭᠤᠳᠠᠯ ᠢᠶᠠᠨ ᠨᠥᠬᠦᠪᠥᠷᠢᠯᠡᠵᠦ᠂ ᠴᠢᠳᠠᠮᠵᠢ ᠪᠠᠨ ᠴᠢᠩᠭᠠᠳᠬᠠᠬᠤ ᠶᠢ ᠪᠠᠷᠢᠮᠲᠠᠯᠠᠵᠤ᠂ ᠬᠤᠲᠠ

ᠬᠥᠳᠡᠭᠡ ᠶᠢᠨ ᠴᠢᠨᠠᠷ ᠴᠢᠨᠰᠠᠭ᠎ᠠ ᠶᠢ ᠤᠷᠠᠨ ᠳᠠᠷᠬᠠᠨ ᠢᠶᠠᠷ ᠱᠤᠭᠤᠨ᠎ᠠ᠃ ᠠᠷᠠᠳ ᠤᠨ ᠠᠮᠢᠳᠤᠷᠠᠯ ᠤᠨ ᠬᠤᠳᠠ ᠶᠢᠨ

ᠪᠦᠳᠦᠭᠡᠨ ᠪᠠᠶᠢᠭᠤᠯᠤᠯᠲᠠ ᠶᠢᠨ ᠣᠶᠢᠯᠠᠭᠠᠭᠳᠠᠬᠤᠨ ᠢᠶᠠᠷ ᠬᠤᠳᠠ ᠶᠢᠨ ᠰᠢᠨᠡᠴᠢᠯᠡᠯᠲᠡ ᠶᠢ ᠠᠬᠢᠭᠤᠯᠵᠤ᠂ ᠬᠤᠳᠠ ᠶᠢᠨ

ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ︽ᠪᠠᠭ᠎ᠠ ᠮᠥᠷᠲᠡᠭᠡᠨ ᠰᠠᠶᠢᠬᠠᠨ᠂ ᠪᠠᠭ᠎ᠠ ᠮᠥᠷᠲᠡᠭᠡᠨ

ᠰᠢᠯᠢᠳᠡᠭ︾ ᠬᠤᠳᠠ ᠶᠢᠨ ᠬᠡᠪ ᠳᠠᠭᠤᠷᠢᠶᠠᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ᠃ ᠬᠤᠳᠠ ᠶᠢᠨ

ᠴᠢᠳᠠᠮᠵᠢ ᠶᠢ ᠬᠦᠴᠦᠯᠡᠨ ᠲᠡᠭᠦᠯᠳᠡᠷᠵᠢᠭᠦᠯᠦᠨ᠎ᠡ᠃ ᠠᠵᠤ  ᠤᠶᠢᠯᠡᠤᠡᠪᠤᠷᠢ ᠶᠢᠨ ᠬᠦᠷᠢᠶᠡᠯᠡᠩ ᠲᠣᠭᠤᠷᠢᠭ᠂  ᠭᠠᠨᠳᠠᠷᠢ

ᠵᠡᠭᠡᠯᠢ ᠶᠢᠨ ᠰᠤᠩᠭᠠᠭᠰᠠᠨ ᠱᠤᠭᠤᠮ ᠤᠨ 2 ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ

ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠠᠭᠤᠴᠢᠨ ᠪᠠ ᠬᠠᠭᠤᠴᠢᠨ ᠵᠢᠵᠢᠭ

ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠨᠤᠷᠠᠬᠤ ᠠᠶᠤᠯᠲᠠᠶ ᠬᠠᠭᠤᠴᠢᠨ ᠠᠰᠠᠷ ᠪᠠᠶᠢᠰᠢᠩ

᠂ ᠪᠠᠶᠢᠰᠢᠩ ᠬᠡᠷ ᠤᠨ ᠲᠣᠭᠤᠷᠢᠭ ᠤᠨ ᠪᠡᠶ᠎ᠡ ᠪᠠᠨ ᠳᠠᠭᠠᠭᠠᠵᠤ ᠰᠢᠨᠡᠴᠢᠯᠡᠬᠦ ᠶᠢ ᠯᠠᠪᠳᠠᠭᠤᠨ ᠢᠶᠠᠷ ᠬᠡᠷᠡᠭᠵᠢᠭᠦᠯᠦᠨ᠎ᠡ︔

ᠭᠠᠨᠳᠠᠷᠢ ᠵᠡᠭᠡᠯᠢ ᠶᠢᠨ ᠰᠤᠩᠭᠠᠭᠰᠠᠨ ᠵᠠᠮ ᠤᠨ ᠢᠨᠵᠧᠨᠧᠷᠢᠩ ᠢ ᠬᠡᠷᠡᠭᠵᠢᠭᠦᠯᠵᠦ᠂ ︽ᠳᠥᠷᠪᠡᠨ ᠲᠥᠷᠥᠯ ᠤᠨ

ᠬᠤᠭᠤᠯᠠᠶ ᠶᠢᠨ ᠲᠣᠤᠷ︾ ᠢ ᠱᠠᠲᠤᠯᠠᠨ ᠥᠭᠡᠷᠡᠴᠢᠯᠡᠵᠦ᠂ ᠳᠡᠭᠡᠳᠦ ᠬᠤᠷᠳᠤᠴᠠᠲᠤ ᠲᠡᠮᠦᠷ ᠵᠠᠮ᠂ ᠺᠢᠨᠣ᠋

ᠵᠦᠴᠦᠭᠡ ᠶᠢᠨ ᠲᠢᠶᠠᠲᠷ ᠵᠡᠷᠭᠡ ᠦᠯᠡᠳᠡᠭᠳᠡᠵᠦ ᠢᠷᠡᠭᠰᠡᠨ ᠬᠡᠰᠡᠭ ᠲᠣᠭᠤᠷᠢᠭ ᠢ ᠨᠤᠷᠠᠭᠠᠵᠤ ᠨᠡᠭᠦᠯᠭᠡᠬᠦ ᠶᠢ

ᠪᠡᠶᠡᠯᠡᠭᠦᠯᠦᠨ᠎ᠡ︔ ᠪᠢᠨ ᠾᠧ ᠶᠢᠨ ᠡᠮᠦᠨ᠎ᠡ ᠬᠦᠷᠢᠶ᠎ᠡ᠂  ᠭᠤᠸᠠᠩ ᠨᠠ ᠵᠡᠷᠭᠡ 5 ᠬᠡᠷ ᠪᠠᠶᠢᠰᠢᠩ ᠭᠠᠵᠠᠷ

ᠬᠥᠷᠥᠩᠭᠡ ᠶᠢᠨ ᠲᠥᠷᠥᠯ ᠵᠤᠶᠢᠯ ᠢ ᠲᠤᠰᠢᠶᠠᠨ ᠥᠭᠴᠦ ᠬᠡᠷᠡᠭᠯᠡᠭᠦᠯᠬᠦ ᠪᠠᠷ ᠴᠢᠷᠮᠠᠶᠢᠵᠤ᠂ ᠳᠡᠭᠡᠳᠦ ᠬᠤᠷᠳᠤᠴᠠᠲᠤ

ᠲᠡᠮᠦᠷ ᠵᠠᠮ ᠤᠨ ᠥᠷᠲᠡᠭᠡ ᠪᠠ ᠳᠥᠷᠪᠡᠳᠦᠭᠡᠷ ᠴᠡᠴᠡᠷᠯᠢᠭ ᠤᠨ ᠬᠡᠰᠡᠭ ᠲᠣᠭᠤᠷᠢᠭ ᠢ ᠨᠡᠭᠡᠭᠡᠨ ᠬᠥᠭᠵᠢᠭᠦᠯᠦᠨ᠎ᠡ︔

ᠹᠧᠩ ᠬᠤᠸᠠᠩ ᠭᠤᠤᠯ ᠤᠨ ᠤᠰᠤᠨ ᠰᠢᠰᠲ᠋ᠧᠮ ᠢ ᠥᠭᠡᠷᠡᠴᠢᠯᠡᠨ ᠰᠠᠶᠢᠵᠢᠷᠠᠭᠤᠯᠵᠤ᠂ ᠵᠠᠮ ᠳᠠᠭᠠᠤ ᠶᠢᠨ

ᠴᠡᠴᠡᠷᠯᠢᠭ ᠤᠨ ᠨᠣᠭᠤᠭᠠᠨ ᠭᠠᠵᠠᠷ ᠢ ᠬᠤᠯᠪᠣᠵᠤ᠂ ︽ᠬᠤᠲᠠ ᠶᠢᠨ ᠳᠣᠲᠣᠷ᠎ᠠ ᠤᠰᠤ ᠲᠠᠢ᠂ ᠤᠰᠤᠨ ᠤ

ᠬᠥᠪᠡᠭᠡᠨ ᠳᠤ ᠦᠵᠡᠮᠵᠢ ᠲᠠᠢ᠂ ᠦᠵᠡᠮᠵᠢ ᠶᠢᠨ ᠳᠣᠲᠣᠷ᠎ᠠ ᠤᠶᠢᠯᠡᠰ ᠲᠠᠢ︾ ᠬᠤᠲᠠ ᠶᠢᠨ ᠪᠠᠶᠢᠷᠢᠰᠢᠯ ᠢ ᠪᠠᠶᠢᠭᠤᠯᠵᠤ

᠂ ᠬᠤᠲᠠ ᠶᠢᠨ ᠥᠨᠳᠥᠷ ᠦᠨ᠎ᠡ ᠥᠷᠲᠡᠭ ᠢ ᠲᠠᠰᠤᠷᠠᠯᠲᠠ ᠥᠬᠡᠶ ᠰᠢᠨᠡᠳᠬᠡᠨ᠎ᠡ᠃ ᠬᠤᠳᠠ ᠶᠢᠨ

ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢ ᠶᠢᠨ ᠮᠡᠷᠭᠡᠵᠢᠯ

ᠬᠢᠭᠡᠳ ᠬᠤᠲᠠ ᠶᠢᠨ ᠬᠠᠮᠢᠶᠠᠷᠤᠯᠲᠠ ᠶᠢᠨ ᠭᠦᠨᠵᠡᠭᠡᠶ ᠠᠭᠤᠰᠤᠯᠴᠠᠯ ᠢ ᠲᠦᠷᠭᠡᠳᠬᠡᠵᠦ᠂ ᠪᠠᠷᠢᠯᠭ᠎ᠠ ᠶᠢᠨ ᠬᠤᠭ

ᠨᠣᠪᠰᠢ᠂ ᠤᠶᠤᠨᠲᠤ ᠬᠤᠲᠠ ᠶᠢᠨ ᠬᠠᠮᠢᠶᠠᠷᠤᠯᠲᠠ᠂ ᠤᠶᠤᠨᠲᠤ ᠲᠡᠷᠭᠡᠨ ᠵᠣᠭᠰᠣᠭᠠᠯ ᠵᠡᠷᠭᠡ ᠲᠠᠪᠴᠠᠩ ᠤᠨ

ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ‌‍ᠲ᠋ᠣᠭᠤᠷᠢᠭ ᠬᠤᠶᠠᠷ ᠱᠠᠲᠤᠨ ᠤ

ᠮᠡᠳᠡᠭᠡ ᠵᠠᠩᠭᠢ ᠶᠢᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠬᠤᠲᠠ ᠶᠢᠨ ᠬᠠᠮᠢᠶᠠᠷᠤᠯᠲᠠ ᠶᠢ ᠨᠠᠩ ︽

ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ︾ ᠪᠣᠯᠭᠠᠨ᠎ᠠ᠃ ︽ᠨᠡᠶᠢᠲᠡ ᠶᠢᠨ ᠠᠰᠠᠷᠠᠮᠵᠢ + ᠵᠠᠬ᠎ᠠ ᠳᠡᠯᠭᠡᠭᠦᠷ︾

 ᠤᠨ ᠤᠶᠢᠯᠡᠴᠢᠯᠡᠭᠡᠨ ᠤ ᠵᠠᠭᠪᠤᠷ ᠢ ᠬᠠᠶᠢᠨ ᠰᠦᠪᠡᠭᠴᠢᠯᠡᠵᠦ᠂ ᠨᠡᠶᠢᠭᠡᠮ ᠲᠣᠭᠤᠷᠢᠭ ᠤᠨ ᠠᠳᠠᠯ ᠠᠬᠤᠶ ᠶᠢᠨ 

ᠤᠶᠢᠯᠡᠴᠢᠯᠡᠭᠡ ᠶᠢ ᠳᠠᠭᠠᠭᠤᠯᠤᠨ ᠭᠦᠢᠴᠡᠤᠡᠭᠡᠵᠤ ᠦᠨᠳᠦᠰᠦᠨ ᠵᠤᠶᠢᠯ ᠢ ᠪᠠᠲᠤᠯᠠᠬᠤ ᠶᠢ ᠭᠦᠨᠵᠡᠭᠡᠶ ᠳᠥᠯᠭᠢᠨ

ᠠᠬᠢᠭᠤᠯᠵᠤ᠂ ᠰᠡᠳᠬᠢᠯ ᠵᠣᠪᠠᠵᠤ ᠪᠠᠶᠢᠭ᠎ᠠ ᠶᠠᠪᠤᠳᠠᠯ ᠢ ᠬᠡᠷ ᠤᠨ ᠡᠭᠦᠳᠡᠨ ᠳᠤᠨᠢ ᠰᠢᠢᠤᠡᠪᠤᠷᠢᠯᠡᠨ᠎ᠡ᠃ ᠲᠠᠷᠢᠶᠠᠯᠠᠬᠤ

ᠣᠷᠣᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠴᠡᠭᠡᠯ ᠠᠭᠤᠯᠠ

ᠪᠠᠯᠭᠠᠰᠤ᠂ ᠰᠢᠨ ᠳ᠋ᠢ ᠲᠣᠰᠬᠤᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠯᠭᠠᠯᠳᠤᠭᠰᠠᠨ ᠣᠷᠣᠨ ᠤ

ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ 21.2 ᠺᠢᠯᠣᠮᠧᠲᠷ

ᠰᠢᠨ᠎ᠡ ᠪᠠᠷ ᠪᠠᠶᠢᠭᠤᠯᠬᠤ ᠪᠠ ᠠᠷᠠᠴᠢᠯᠠᠨ ᠬᠠᠮᠠᠭᠠᠯᠠᠨ᠂ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢ

ᠨᠥᠬᠦᠪᠥᠷᠢᠯᠡᠨ᠎ᠡ᠃

    ︵ᠵᠢᠷᠭᠤᠭ᠎ᠠ︶ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠢ

ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠦᠨᠳᠦᠰᠦᠨ ᠵᠤᠶᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠨ᠎ᠠ᠃

ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ

ᠰᠡᠳᠬᠢᠯ ᠲᠠᠯᠪᠢᠵᠤ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ᠬᠠᠷᠢᠭᠤᠯᠲᠠ ᠥᠭᠴᠦ᠂ ᠠᠷᠠᠳ ᠤᠨ

ᠠᠮᠢᠳᠤᠷᠠᠯ ᠨᠡᠶᠢᠭᠡᠮ ᠤᠨ ᠦᠢᠯᠡᠰ ᠤᠨ ᠬᠥᠭᠵᠢᠯᠲᠡ ᠶᠢ ᠨᠡᠩ ᠳᠤᠯᠠᠭᠠᠬᠠᠨ ᠪᠣᠯᠭᠠᠬᠤ ᠶᠢ ᠬᠦᠴᠦᠯᠡᠨ ᠠᠬᠢᠭᠤᠯᠤᠨ᠎ᠠ᠃

ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠠᠵᠢᠯ ᠣᠯᠭᠤᠯᠲᠠ ᠶᠢ

ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ︽ᠭᠡᠷ ᠤᠨ ᠡᠭᠦᠳᠡ︾ ᠶᠢᠨ ᠠᠵᠢᠯ ᠣᠯᠭᠤᠯᠲᠠ ᠶᠢᠨ

ᠦᠢᠯᠡᠴᠢᠯᠡᠭᠡᠨ ᠤ ᠦᠷᠳᠡᠭᠡ ᠪᠠ ᠡᠮᠦᠨᠡᠲᠦ ᠤᠮᠠᠷᠠᠲᠤ ᠶᠢᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠦᠢᠯᠡᠳᠦᠯ

ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠵᠠᠰᠠᠭ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ

ᠦᠷᠭᠦᠯᠵᠢᠯᠡᠨ ᠲᠦᠯᠬᠢᠨ ᠠᠬᠢᠭᠤᠯᠤᠨ᠎ᠠ᠃ ᠦᠨᠳᠦᠰᠦᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ

ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠨᠤᠷᠮ᠎ᠠ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠤᠲᠠ ᠶᠢᠨ

ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠬᠡᠮᠵᠢᠵᠦ᠂

ᠬᠦᠴᠢᠷᠳᠡᠯᠲᠡᠶ ᠣᠯᠠᠨ ᠲᠦᠮᠡᠨ ᠢ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠨ᠎ᠠ᠃ ᠪᠥᠬᠦ ᠤᠯᠤᠰ ᠤᠨ

ᠤᠶᠢᠯᠡᠴᠢᠯᠡᠭᠡᠨ ᠤ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠲᠤᠷᠰᠢᠯᠲᠠ ᠶᠢᠨ ᠴᠡᠭ ᠤᠨ ᠪᠥᠲᠥᠭᠡᠨ

ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠣᠨᠴᠣᠭᠤᠶ ᠬᠦᠴᠢᠷᠳᠡᠯᠲᠡᠶ ᠬᠠᠮᠲᠤᠯᠢᠭ ᠲᠤ 6 ᠶᠡᠭᠡ ᠲᠥᠷᠥᠯ᠂ 24

ᠵᠤᠶᠢᠯ ᠤᠨ ᠨᠠᠷᠢᠯᠢᠭ ᠣᠨᠣᠴᠠᠲᠠᠶ  ᠤᠶᠢᠯᠡᠴᠢᠯᠡᠭᠡ ᠬᠠᠩᠭᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ᠂

ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠥᠪᠡᠷᠲᠡᠭᠡᠨ

ᠵᠠᠰᠠᠬᠤ ᠣᠷᠣᠨ ᠤ ᠡᠮᠦᠨ᠎ᠡ ᠡᠩᠨᠡᠭᠡᠨ ᠳᠤ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠬᠡᠷ ᠲᠡᠭᠡᠨ ᠰᠠᠭᠤᠵᠤ ᠪᠠᠶᠢᠭ᠎ᠠ

ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ

ᠳᠡᠭᠡᠭᠰᠢᠯᠡᠭᠦᠯᠵᠦ᠂ 1 ᠲᠥᠪ ᠲᠣᠭᠤᠭᠠᠨ ᠬᠡᠷ᠂ 15 ᠲᠤᠰᠠᠯᠠᠬᠤ ᠬᠤᠭᠤᠯᠠᠨ ᠬᠡᠷ ᠨᠡᠮᠡᠵᠦ᠂ 7 ᠵᠢᠵᠢᠭ

ᠲᠣᠭᠤᠷᠢᠭ ᠤᠨ ᠲᠠᠰ ᠤᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠪᠡᠯᠡᠳᠬᠡᠮᠵᠢ ᠶᠢᠨ ᠶᠠᠰᠤ ᠴᠢᠨᠠᠷ ᠢ

ᠳᠡᠭᠡᠭᠰᠢᠯᠡᠭᠦᠯᠦᠨ ᠥᠭᠡᠷᠡᠴᠢᠯᠡᠬᠦ ᠶᠢ ᠳᠥᠯᠭᠢᠨ ᠠᠬᠢᠭᠤᠯᠵᠤ᠂ ᠴᠢᠳᠠᠪᠤᠷᠢ ᠪᠠᠨ ᠠᠯᠳᠠᠭᠰᠠᠨ ᠣᠶᠤᠨ ᠤᠬᠠᠭᠠᠨ ᠢᠶᠠᠨ

ᠠᠯᠳᠠᠭᠰᠠᠨ᠂ ᠬᠦᠨᠳᠦ ᠡᠪᠡᠳᠴᠢᠨ ᠲᠠᠢ ᠵᠡᠮᠳᠡᠭ ᠪᠣᠯᠤᠭᠰᠠᠨ ᠵᠡᠷᠭᠡ ᠶᠢᠰᠦᠨ ᠲᠥᠷᠥᠯ ᠤᠨ ᠨᠠᠰᠤᠲᠠᠶᠢᠴᠤᠳ ᠢ

ᠭᠤᠤᠯᠳᠠᠯᠭ᠎ᠠ ᠲᠠᠢ ᠠᠩᠬᠠᠷᠴᠤ᠂ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ︽ᠳᠠᠭᠠᠷᠠᠭᠰᠠᠨ

ᠬᠥᠮᠦᠨ ᠳᠤ ᠳᠠᠬᠤ ᠬᠦᠷᠭᠡᠬᠦ︾ ᠠᠵᠢᠯ ᠢ ᠢᠯᠡᠭᠦᠬᠡᠨ ᠬᠢᠨ᠎ᠠ︔ ᠲᠤᠰᠬᠠᠶᠢᠵᠢᠭᠰᠠᠨ ᠬᠡᠤᠬᠡᠳ ᠰᠠᠭᠠᠲᠠᠭᠤᠯᠬᠤ

ᠤᠶᠢᠯᠡᠴᠢᠯᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠵᠣᠷᠢᠭᠵᠢᠭᠤᠯᠵᠤ᠂ ᠪᠠᠶᠢᠷᠢ ᠨᠠᠶᠢᠳᠠᠬᠤ ᠲᠤᠭ᠎ᠠ ᠶᠢ 1700 ᠳᠤ

ᠬᠦᠷᠦᠭᠦᠯᠬᠦ ᠪᠠᠷ ᠴᠢᠷᠮᠠᠶᠢᠵᠤ᠂ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠬᠦᠴᠦᠯᠡᠨ

ᠪᠠᠲᠤ ᠰᠠᠬᠢᠨ᠎ᠠ᠃ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃

ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠬᠤ ᠶᠢ ᠡᠭᠦᠳᠦᠨ

ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠠᠷᠪᠠᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠠᠮᠤᠷ ᠤᠨ

ᠤᠯᠠᠷᠢᠯ ᠤᠨ ᠰᠤᠷᠤᠭᠴᠢ ᠡᠯᠰᠡᠵᠦ᠂ ᠪᠡᠭᠡᠵᠢᠩ ᠤᠨ ᠳ᠋ᠦ᠋ᠩᠴᠸᠡᠭ ᠲᠣᠭᠤᠷᠢᠭ ᠯᠤᠭ᠎ᠠ ᠭᠦᠨᠵᠡᠭᠡᠶ ᠬᠠᠮᠲᠤᠷᠠᠯᠴᠠᠭ᠎ᠠ

ᠥᠷᠨᠢᠭᠦᠯᠵᠦ᠂ ᠥᠨᠳᠥᠷ ᠡᠬᠢᠯᠡᠯᠲᠡ ᠲᠠᠢ ᠰᠤᠷᠭᠠᠭᠤᠯᠢ ᠶᠢ ᠪᠠᠶᠢᠭᠤᠯᠵᠤ᠂ ᠴᠡᠭ ᠢᠶᠠᠷ ᠨᠡᠶᠢᠳᠡᠮ ᠢ ᠲᠠᠶᠢᠴᠢᠯᠠᠨ

ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ︽ᠭᠤᠷᠪᠠᠨ ᠰᠠᠯᠠᠭ᠎ᠠ ᠡᠩᠨᠡᠭᠡ︾ ᠶᠢᠨ

ᠪᠠᠶᠢᠭᠤᠯᠤᠯᠲᠠ ᠶᠢ ᠲᠦᠷᠭᠡᠳᠬᠡᠵᠦ᠂ ᠳᠡᠭᠡᠳᠦ ᠲᠡᠰ ᠳᠠᠪᠬᠤᠷᠭ᠎ᠠ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ

68 ᠣᠷᠣᠭᠤᠯᠤᠨ ᠠᠪᠴᠢᠷᠠᠵᠤ᠂ ᠳᠠᠳᠤᠯᠭ᠎ᠠ ᠬᠢᠬᠦ᠂ ᠠᠵᠢᠯ ᠣᠯᠭᠤᠬᠤ ᠶᠢ ᠨᠢᠭᠡ ᠴᠤᠭᠴᠠᠵᠢᠭᠤᠯᠬᠤ ᠠᠷᠭ᠎ᠠ ᠵᠠᠮ ᠢ

ᠨᠡᠭᠡᠭᠡᠵᠦ᠂ ᠨᠡᠷᠡᠳᠤ ᠪᠠᠭᠰᠢ ᠶᠢᠨ ᠠᠵᠢᠯ ᠤᠨ ᠲᠠᠰᠤᠭ ᠢ 10 ᠪᠠᠶᠢᠭᠤᠯᠪᠠ᠃ ᠬᠡᠤᠬᠡᠳ ᠤᠨ ᠴᠡᠴᠡᠷᠯᠢᠭ ᠢ ᠪᠥᠬᠦ

ᠲᠠᠯ᠎ᠠ ᠪᠠᠷ ᠳᠡᠭᠡᠭᠰᠢᠯᠡᠭᠦᠯᠦᠨ ᠥᠭᠡᠷᠡᠴᠢᠯᠡᠵᠦ᠂ ᠠᠷᠪᠠᠨ ᠵᠢᠷᠭᠤᠳᠤᠭᠠᠷ ᠬᠤᠬᠡᠤᠡ ᠤᠨ ᠴᠡᠴᠡᠷᠯᠢᠭ ᠢ ᠠᠰᠢᠭᠯᠠᠯᠲᠠ ᠳᠤ

ᠣᠷᠣᠭᠤᠯᠤᠨ᠂ ᠪᠥᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ

ᠲᠦᠭᠡᠮᠡᠯ ᠬᠠᠷᠠᠭᠠᠯᠵᠠᠯ ᠤᠨ ᠲᠣᠭᠤᠷᠢᠭ ᠢ ᠴᠢᠷᠮᠠᠶᠢᠨ ᠪᠠᠶᠢᠭᠤᠯᠤᠨ᠎ᠠ᠃ ᠠᠷᠠᠳ ᠤᠯᠠᠨ ᠤ ᠡᠷᠡᠭᠦᠯ ᠮᠡᠨᠳᠤ ᠶᠢᠨ

ᠰᠡᠷᠭᠡᠶᠢᠯᠡᠯᠲᠡ ᠶᠢᠨ ᠱᠤᠭᠤᠮ ᠢ ᠪᠠᠲᠤ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ

ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠪᠡᠭᠡᠵᠢᠩ ᠤᠨ  ᠭᠤᠸᠠᠩ ᠠᠨ ᠮᠧᠨ ᠡᠮᠨᠡᠯᠭᠡ ᠶᠢᠨ ᠬᠤᠷᠢᠶ᠎ᠠ

᠂ ᠬᠥ᠋ ᠯᠸᠤ ᠬᠢᠲᠠᠳ ᠡᠮᠨᠡᠯᠭᠡ ᠶᠢᠨ ᠬᠤᠷᠢᠶ᠎ᠠ ᠵᠡᠷᠭᠡ ᠨᠠᠷᠠᠲᠤ ᠡᠮᠴᠢᠯᠡᠭᠡᠨ ᠤ ᠪᠠᠶᠢᠭᠤᠯᠤᠮᠵᠢ ᠯᠤᠭ᠎ᠠ ᠶᠢᠨ ᠠᠵᠢᠯ

ᠲᠥᠷᠥᠯ ᠤᠨ ᠰᠢᠰᠲ᠋ᠧᠮ ᠢᠶᠠᠷ ᠢᠶᠠᠨ ᠬᠠᠮᠲᠤᠷᠠᠯᠴᠠᠬᠤ ᠶᠢ ᠭᠦᠨᠵᠡᠭᠡᠶᠢᠷᠡᠭᠦᠯᠦᠨ᠂ ︽ᠬᠤᠤᠰ ᠵᠠᠭᠤᠨ ᠨᠠᠷᠠᠲᠤ ᠡᠮᠴᠢ︾

 ᠶᠢᠨ ᠢᠨᠵᠧᠨᠧᠷᠢᠩ ᠢ ᠠᠬᠢᠭᠤᠯᠵᠤ᠂ ᠨᠠᠷᠠᠲᠤ ᠲᠤᠰᠬᠠᠶ ᠮᠡᠷᠭᠡᠵᠢᠯᠲᠡᠨ ᠢ ᠤᠷᠢᠵᠤ ᠮᠠᠨ ᠤ ᠲᠤᠭᠤᠷᠢᠭ ᠳᠤ

ᠡᠮᠴᠢᠯᠡᠭᠡᠨ ᠤ  ᠤᠶᠢᠯᠡᠴᠢᠯᠡᠭᠡ ᠥᠷᠨᠢᠭᠦᠯᠦᠨ᠎ᠡ᠃ ︽ᠡᠪᠡᠳᠴᠢᠯᠡᠬᠦ ᠠᠴᠠ ᠡᠮᠦᠨ᠎ᠡ ᠵᠠᠰᠠᠬᠤ︾ ᠡᠷᠡᠭᠦᠯ ᠮᠡᠨᠳᠦ ᠶᠢᠨ

ᠬᠠᠮᠢᠶᠠᠷᠤᠯᠲᠠ ᠶᠢᠨ ᠲᠥᠪ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠭᠤᠷᠪᠠᠨ ᠥᠨᠳᠥᠷ ᠵᠢᠷᠭᠤᠭᠠᠨ

ᠡᠪᠡᠳᠴᠢᠨ ᠨᠢᠭᠡ ᠤᠳᠠᠭᠠᠨ︾ ᠤ ᠬᠠᠮᠢᠶᠠᠷᠤᠯᠲᠠ ᠶᠢ ᠴᠢᠩᠭᠠᠳᠬᠠᠨ᠂ ᠡᠪᠡᠳᠴᠢᠨ ᠡᠮᠭᠡᠭ ᠢ ᠤᠷᠢᠳᠴᠢᠯᠠᠨ

ᠰᠡᠷᠭᠡᠶᠢᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ ᠡᠮᠴᠢᠯᠡᠭᠡᠨ ᠤ ᠡᠬᠢ

ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠵᠤ᠂  ᠹᠧᠩ  ᠬᠤᠸᠠᠩ ᠯᠢᠩ ᠨᠡᠶᠢᠭᠡᠮ ᠲᠣᠭᠤᠷᠢᠭ ᠤᠨ ᠡᠷᠡᠭᠦᠯ

ᠬᠠᠮᠠᠭᠠᠯᠠᠯ ᠤᠨ ᠤᠶᠢᠯᠡᠴᠢᠯᠡᠭᠡᠨ ᠤ ᠲᠥᠪ ᠢ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠣᠯᠭᠠᠨ ᠲᠠᠰ

ᠳᠡᠪᠰᠢᠭᠦᠯᠵᠦ᠂ ᠠᠩᠬᠠᠳᠠᠭᠴᠢ ᠣᠳᠣᠬᠢᠴᠢᠯᠠᠭᠰᠠᠨ ᠬᠢᠲᠠᠳ ᠡᠮᠨᠡᠯᠭᠡ ᠶᠢᠨ ᠰᠣᠶᠣᠯ ᠤᠨ ᠣᠷᠳᠣᠨ ᠢ ᠡᠭᠦᠳᠦᠨ

ᠪᠠᠶᠢᠭᠤᠯᠤᠨ᠎ᠠ︔ ᠬᠡᠷ ᠪᠦᠯᠢ ᠶᠢᠨ ᠡᠮᠴᠢ ᠶᠢᠨ ᠤᠶᠢᠯᠡᠴᠢᠯᠡᠭᠡᠨ ᠤ 50 ᠪᠦᠯᠬᠦᠮ ᠨᠡᠶᠢᠲᠡ ᠶᠢ ᠥᠷᠭᠡᠳᠬᠡᠭᠡᠳ 172

ᠪᠣᠯᠭᠠᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠡᠷ ᠪᠦᠯᠢ ᠶᠢᠨ ᠡᠪᠡᠳᠴᠢᠲᠡᠨ ᠤ ᠣᠷᠣ ᠶᠢ

ᠪᠦᠬᠦᠨ ᠢ ᠬᠠᠮᠤᠷᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠠᠳᠠᠯᠢ ᠳᠠᠪᠲᠠᠮᠵᠢ ᠪᠠᠷ ᠬᠠᠮᠲᠤ ᠪᠠᠷ ᠤᠷᠤᠭᠰᠢᠯᠠᠵᠤ

ᠰᠣᠶᠣᠯ ᠲᠠᠮᠢᠷ ᠤᠨ ᠦᠢᠯᠡᠰ ᠢ ᠬᠥᠭᠵᠢᠭᠦᠯᠦᠨ᠎ᠡ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ

ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠠᠶᠢᠷᠤᠪ ᠤᠨ ᠲᠤᠬᠤᠢ ᠶᠢᠨ ᠦᠯᠢᠭᠡᠷ ᠢ ᠠᠭᠤᠳᠠᠯᠵᠤ᠂

ᠠᠬᠠᠮᠠᠳ ᠨᠢᠭᠡ ᠦᠶ᠎ᠡ ᠶᠢᠨ ᠬᠠᠶᠢᠷᠤᠪ ᠤᠨ ᠲᠤᠬᠤᠢ ᠶᠢᠨ ᠬᠥᠮᠦᠰ ᠤᠨ ᠥᠪᠡᠷ ᠤᠨ ᠬᠦᠴᠦ ᠪᠠᠷ ᠢᠶᠠᠨ ᠳᠡᠭᠵᠢᠷᠡᠬᠦ᠂

ᠲᠡᠰᠪᠦᠷᠢ ᠬᠠᠲᠠᠭᠤᠵᠢᠯᠲᠠᠢ ᠪᠠᠷ ᠦᠢᠯᠡᠰ ᠪᠤᠰᠬᠠᠬᠤ ᠶᠢ ᠮᠠᠭᠲᠠᠨ ᠳᠠᠭᠤᠯᠠᠭᠰᠠᠨ ᠳᠠᠭᠤᠤ ᠪᠥᠵᠢᠭ᠂ ᠱᠤᠭ ᠵᠦᠴᠦᠭᠡ

ᠵᠡᠷᠭᠡ ᠵᠦᠴᠦᠭᠡ ᠶᠢ ᠵᠣᠬᠢᠶᠠᠨ ᠪᠦᠳᠤᠭᠡᠨ᠎ᠡ︔ ᠤᠯᠠᠨᠮᠦᠴᠢᠷ ᠶᠢ ᠦᠨᠳᠦᠰᠦᠨ ᠱᠠᠲᠤᠨ ᠳᠤ ᠤᠨᠤᠵᠦ ᠣᠷᠣᠭᠤᠯᠬᠤ

ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ

ᠳᠤᠷᠠᠰᠬᠠᠯᠲᠤ ᠵᠦᠢᠯᠡᠰ ᠤᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠠᠬᠢᠭᠤᠯᠵᠤ᠂ ᠪᠣᠳᠠᠰ ᠤᠨ ᠪᠤᠰᠤ

ᠰᠣᠶᠣᠯ ᠤᠨ ᠥᠪ ᠤᠨ ᠬᠠᠮᠠᠭᠠᠯᠠᠯᠲᠠ ᠶᠢ ᠠᠬᠢᠭᠤᠯᠤᠨ᠎ᠠ᠃ ᠣᠯᠠᠨ ᠨᠡᠶᠢᠲᠡ ᠶᠢᠨ ᠰᠣᠶᠣᠯ ᠤᠨ ᠪᠡᠶ᠎ᠡ ᠶᠢᠨ ᠲᠠᠮᠢᠷ ᠤᠨ

ᠲᠠᠯᠠᠪᠤᠷ ᠤᠨ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠶᠢᠯᠡᠴᠢᠯᠡᠭᠡᠨ ᠤ ᠢᠵᠢ ᠪᠥᠷᠢᠳᠦᠭᠦᠯᠬᠦ

ᠪᠡᠯᠡᠳᠬᠡᠮᠵᠢ ᠶᠢ ᠲᠡᠭᠦᠯᠳᠡᠷᠵᠢᠭᠦᠯᠦᠨ᠂ ᠴᠠᠭᠠᠨ ᠰᠠᠷ᠎ᠠ ᠶᠢᠨ ᠨᠠᠶᠢᠷ ᠤᠨ ᠦᠳᠡᠰᠢᠯᠡᠭᠡ᠂ ᠬᠤᠲᠠ ᠶᠢᠨ ᠴᠢᠭᠯᠡᠯᠲᠦ

ᠤᠷᠤᠯᠳᠤᠭᠠᠨ ᠵᠡᠷᠭᠡ ᠤᠨᠴᠠᠯᠢᠬᠳᠤ ᠰᠣᠶᠣᠯ ᠲᠠᠮᠢᠷ ᠤᠨ ᠠᠵᠢᠯᠯᠠᠭ᠎ᠠ ᠶᠢ ᠬᠦᠴᠦᠯᠡᠨ ᠰᠠᠶᠢᠲᠤᠷ ᠡᠷᠭᠢᠯᠡᠵᠦ᠂ ᠣᠯᠠᠨ

ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠤᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃

    ︵ᠳᠣᠯᠤᠭ᠎ᠠ︶ ᠬᠤᠷᠢᠭ᠎ᠠ ᠱᠤᠭᠤᠮ ᠢ ᠰᠠᠬᠢᠵᠤ᠂ ᠳᠠᠯᠳᠠ ᠬᠡᠮ ᠢ ᠠᠷᠢᠯᠭᠠᠬᠤ ᠶᠢ ᠪᠠᠷᠢᠮᠲᠠᠯᠠᠵᠤ᠂ ᠠᠮᠤᠷ

ᠲᠦᠪᠰᠢᠨ ᠤ ᠠᠵᠢᠯ ᠤᠨ ᠰᠠᠭᠤᠷᠢ ᠶᠢ ᠪᠠᠲᠤᠳᠬᠠᠨ᠎ᠠ᠃ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂

ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠵᠤ ᠳᠡᠶᠢᠯᠬᠦ︾ ᠪᠠᠷ ᠣᠶᠢᠯᠠᠭᠠᠭᠳᠠᠬᠤᠨ ᠪᠣᠯᠭᠠᠵᠤ᠂ ︽ᠨᠢᠭᠡ

ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠨᠢᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠬᠤ︾ ᠤᠯᠤᠰ

ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠶ᠃ ᠵᠠᠰᠠᠭ ᠤᠨ ᠣᠷᠳᠣᠨ ᠤ ᠥᠭᠴᠡᠭᠡ ᠶᠢ ᠠᠷᠢᠯᠭᠠᠬᠤ

ᠡᠷᠴᠢᠮ ᠢ ᠴᠢᠩᠭᠠᠷᠠᠭᠤᠯᠤᠨ᠎ᠠ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽

ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠪᠠᠭᠠᠰᠬᠠᠬᠤ ᠠᠴᠠ ᠪᠢᠰᠢ ᠨᠡᠮᠡᠭᠳᠡᠭᠦᠯᠬᠦ ᠦᠭᠡᠢ ᠪᠠᠶᠢᠵᠤ᠂ ᠡᠯ᠎ᠡ

ᠵᠦᠢᠯ ᠤᠨ ᠬᠠᠲᠠᠭᠤ ᠪᠤᠰᠤ ᠴᠢᠨᠠᠷᠲᠠᠶ ᠵᠠᠷᠤᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠡᠯ᠎ᠡ

ᠲᠥᠷᠥᠯ ᠤᠨ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ  ᠭᠦᠢᠴᠡᠤᠡ ᠬᠡᠷᠡᠭᠯᠡᠵᠦ᠂ ᠳᠡᠭᠡᠳᠦ ᠱᠠᠲᠤᠨ ᠤ ᠪᠠᠯᠠ

ᠮᠥᠩᠭᠦ ᠶᠢᠨ ᠳᠡᠮᠵᠢᠯᠭᠡ ᠶᠢ ᠢᠳᠡᠪᠬᠢᠲᠡᠶ ᠲᠡᠮᠡᠴᠡᠨ ᠣᠯᠵᠤ᠂ ᠡᠯ᠎ᠡ ᠲᠥᠷᠥᠯ ᠤᠨ ᠡᠳ᠋ ᠬᠥᠷᠥᠩᠭᠡ ᠶᠢ ᠠᠮᠢᠳᠤᠯᠢᠭ

ᠪᠣᠯᠭᠠᠵᠤ᠂ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠷᠣᠨ ᠨᠤᠲᠤᠭ ᠤᠨ ᠡᠳ᠋ ᠤᠨ ᠬᠦᠴᠦᠨ ᠢ

ᠨᠡᠮᠡᠭᠳᠡᠭᠦᠯᠵᠦ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ

ᠪᠡᠶᠡᠯᠡᠭᠦᠯᠬᠦ ᠶᠢ ᠪᠠᠲᠤᠯᠠᠨ᠎ᠠ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ

ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠭᠤᠷᠬᠠᠢ᠂ ᠠᠶᠤᠯᠲᠠᠢ ᠬᠢᠮᠢ ᠶᠢᠨ ᠠᠵᠤ

ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠠᠵᠤ ᠠᠬᠤᠶᠢᠯᠠᠯ ᠤᠨ ᠤᠶᠤᠨᠴᠢᠯᠠᠬᠰᠠᠨ

ᠪᠠᠶᠢᠭᠤᠯᠤᠯᠲᠠ ᠶᠢ ᠲᠦᠷᠭᠡᠳᠬᠡᠬᠦ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠵᠠᠭᠪᠤᠷ ᠢ

ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠲᠡᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ︽ᠶᠢᠰᠦᠨ

ᠪᠠᠭ᠎ᠠ ᠲᠠᠯᠠᠪᠤᠷ︾ ᠢ ᠪᠦᠬᠦᠨ ᠢ ︽ᠤᠶᠤᠨᠲᠤ ᠭᠠᠯ ᠤᠨᠲᠠᠷᠠᠭᠠᠬᠤ︾ ᠬᠢᠨᠠᠨ ᠡᠵᠡᠮᠳᠡᠬᠦ  ᠰᠢᠰᠲ᠋ᠧᠮ ᠢ ᠤᠭᠰᠠᠷᠠᠬᠤ ᠶᠢ

ᠠᠬᠢᠭᠤᠯᠵᠤ᠂ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ ᠪᠠ ᠭᠡᠨᠡᠳᠲᠡ

ᠡᠭᠦᠰᠬᠦ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠵᠦ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃

ᠨᠡᠶᠢᠭᠡᠮ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ  ᠪᠠᠳᠤᠯᠠᠨ᠎ᠠ᠃ ᠰᠢᠨ᠎ᠡ ᠴᠠᠭ ᠦᠶ᠎ᠡ ᠶᠢᠨ ︽

ᠹᠤᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠤᠯᠠᠨ ᠡᠰᠢᠲᠦ ᠡᠶᠡᠳᠡᠭᠦᠯᠦᠨ ᠠᠷᠢᠯᠭᠠᠬᠤ

ᠲᠣᠭᠲᠠᠴᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ

ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠳᠠᠭᠠᠭᠠᠨ

ᠬᠤᠯᠪᠣᠭᠠᠯᠠᠵᠤ ᠠᠷᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠡᠬᠢ

ᠡᠭᠦᠰᠦᠯ ᠠᠴᠠ ᠨᠢ ᠵᠠᠰᠠᠬᠤ ᠶᠢ ᠴᠢᠩᠭ᠎ᠠ ᠠᠳᠬᠤᠨ ᠪᠠᠲᠤᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ

ᠪᠠᠶᠢᠳᠠᠯ ᠢ ᠬᠠᠮᠠᠭᠠᠯᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠷ᠎ᠠ

ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠣᠭ᠎ᠠ

ᠰᠦᠯᠵᠢᠶᠡᠨ ᠤ ᠮᠡᠬᠡᠯᠡᠯ᠂ ︽ᠱᠠᠯᠢᠭ ᠵᠠᠪᠬᠠᠢ ᠵᠦᠢᠯ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠬᠤ︾ ᠵᠡᠷᠭᠡ

ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠠᠨ

ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠭᠤᠣᠯᠳᠠᠯᠭ᠎ᠠ ᠲᠠᠢ

ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ

ᠭᠠᠵᠠᠷ ᠢ ᠡᠷᠡᠰ ᠪᠠᠲᠤ ᠰᠠᠬᠢᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠶ ᠠᠵᠢᠯᠯᠠᠭ᠎ᠠ ᠶᠢ

ᠭᠦᠨᠵᠡᠭᠡᠶ ᠥᠷᠨᠢᠭᠦᠯᠵᠦ᠂ ᠮᠥᠩᠭᠦᠨ ᠭᠦᠢᠯᠭᠡᠭᠡ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠵᠡᠷᠭᠡ

ᠰᠢᠰᠲ᠋ᠧᠮ ᠤᠨ ᠠᠶᠤᠯ ᠲᠦᠭᠰᠢᠭᠦᠷᠢ ᠶᠢ ᠬᠤᠷᠢᠭᠯᠠᠵᠤ᠂ ᠢᠳᠡᠭᠡᠨ᠂ ᠡᠮ ᠤᠨ ᠵᠦᠢᠯ᠂ ᠦᠢᠯᠡᠳᠬᠦᠨ ᠤ ᠶᠠᠰᠤ ᠴᠢᠨᠠᠷ

ᠪᠠ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠪᠦᠬᠦ

ᠲᠠᠯ᠎ᠠ ᠪᠠᠷ ᠴᠢᠩᠭᠠᠳᠬᠠᠵᠤ᠂ ᠠᠶᠤᠯᠭᠦᠶ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃

     ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠨ᠎ᠠ

     ᠰᠢᠨ᠎ᠡ ᠠᠶᠠᠨ ᠳᠤ ᠮᠣᠷᠳᠠᠬᠤ ᠳᠤ᠂ ᠵᠠᠰᠠᠭ ᠤᠨ ᠣᠷᠳᠣᠨ ᠤ ᠠᠵᠢᠯ ᠰᠢᠨ᠎ᠡ ᠪᠠᠶᠢᠳᠠᠯ ᠰᠢᠨ᠎ᠡ ᠵᠢᠳᠬᠦᠯ

ᠴᠢᠷᠮᠠᠶᠢᠯᠭ᠎ᠠ ᠰᠢᠨ᠎ᠡ ᠦᠷ᠎ᠡ ᠪᠦᠲᠦᠮᠵᠢ ᠲᠠᠢ ᠪᠣᠯᠬᠤ ᠬᠡᠷᠡᠭᠲᠡᠢ᠃ ᠪᠢᠳᠡ ᠵᠠᠰᠠᠭ ᠤᠨ ᠣᠷᠳᠣᠨ ᠤ ᠵᠠᠰᠠᠯᠲᠠ ᠶᠢᠨ

ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂

ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ

ᠪᠠᠶᠢᠭᠤᠯᠤᠨ᠎ᠠ᠃ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠷᠢᠴᠠᠯᠠᠰᠢᠭᠦᠢ ᠦᠨᠡᠨᠴᠢ ᠰᠢᠳᠤᠷᠭᠤ

ᠪᠠᠶᠢᠬᠤ ᠶᠢ ᠪᠠᠲᠤᠳᠬᠠᠨ᠎ᠠ᠃ ᠢᠮᠠᠭᠲᠠ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ︽

ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠦᠬᠦ

ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ

ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠬᠢᠵᠢᠭᠦᠯᠦᠨ ᠥᠷᠭᠡᠳᠬᠡᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ

ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ

ᠪᠣᠯᠤᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡ ᠴᠤᠭᠴᠠᠵᠢᠭᠤᠯᠤᠨ

ᠠᠬᠢᠭᠤᠯᠤᠭᠰᠠᠨ ᠦᠷ᠎ᠡ ᠪᠦᠲᠦᠭᠡᠯ ᠢ ᠪᠠᠲᠤᠳᠬᠠᠨ᠎ᠠ᠃ ᠪᠠᠲᠤ ᠵᠣᠭᠰᠣᠯᠲᠠ ᠲᠠᠢ ︽ᠬᠡᠷᠡᠭᠵᠢᠭᠦᠯᠦᠭᠴᠢ︾ ᠪᠣᠯᠵᠣ᠂

ᠨᠠᠮ ᠤᠨ ᠲᠥᠪ ᠬᠤᠷᠢᠶ᠎ᠠ ᠶᠢᠨ  ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ

ᠣᠷᠣᠨ ᠤ ᠡᠯ᠎ᠡ ᠵᠤᠶᠢᠯ ᠤᠨ ᠠᠵᠢᠯ ᠤᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ ᠬᠤᠲᠠ ᠶᠢᠨ

ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ  ᠲᠤᠭᠤᠷᠢᠭ ᠤᠨ ᠨᠠᠮ ᠤᠨ ᠬᠤᠷᠢᠶ᠎ᠠ ᠶᠢᠨ ᠡᠭᠦᠷᠭᠡ ᠬᠠᠷᠠᠯᠲᠠ ᠶᠢ

ᠴᠢᠩᠭ᠎ᠠ ᠠᠩᠬᠠᠷᠴᠤ᠂ ᠡᠯ᠎ᠡ ᠵᠤᠶᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠂

ᠴᠡᠴᠡᠭᠯᠡᠨ ᠵᠢᠮᠢᠰᠯᠡᠬᠦ ᠶᠢ ᠲᠡᠷᠡ ᠬᠡᠪ ᠢᠶᠠᠷ ᠨᠢ ᠳᠥᠯᠭᠢᠨ ᠠᠬᠢᠭᠤᠯᠬᠤ ᠬᠡᠷᠡᠭᠲᠡᠶ᠃ ᠵᠢᠭᠠᠪᠤᠷᠢ ᠠᠪᠴᠤ ᠮᠡᠳᠡᠭᠦᠯᠬᠦ

ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠴᠢᠬᠤᠯᠠ ᠶᠡᠭᠡ  ᠵᠤᠶᠢᠯᠡᠰ ᠢ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶ᠎ᠠ ᠠᠴᠠ ᠤᠷᠢᠳᠴᠢᠯᠠᠨ ᠵᠢᠭᠠᠪᠤᠷᠢ ᠠᠪᠴᠤ᠂ ᠭᠤᠤᠯᠳᠠᠯᠭ᠎ᠠ ᠲᠠᠢ ᠠᠵᠢᠯ ᠢ

ᠰᠠᠨᠠᠭᠠᠴᠢᠯᠠᠭ᠎ᠠ ᠠᠴᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠬᠠᠷᠢᠭᠤ ᠮᠡᠳᠡᠭᠦᠯᠵᠦ᠂

ᠴᠢᠬᠤᠯᠠ ᠠᠵᠢᠯᠯᠠᠭ᠎ᠠ ᠵᠢᠴᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠷ

ᠵᠥᠪᠰᠢᠶᠡᠷᠡᠭᠦᠯᠬᠦ ᠶᠢ ᠤᠬᠠᠮᠰᠠᠷ ᠠᠴᠠ ᠪᠠᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠵᠤ᠂ ᠬᠠᠤᠯᠢ ᠪᠠᠷ

ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠶᠢ

ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠵᠤ᠂

ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠠᠤᠯᠢ ᠶᠣᠰᠣᠭᠠᠷ ᠵᠠᠰᠠᠭ

ᠶᠠᠪᠤᠭᠤᠯᠬᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ

ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ

ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ ᠭᠦᠢᠴᠡᠳᠬᠡᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ

ᠲᠠᠯ᠎ᠠ ᠪᠠᠷ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠢᠯᠡ ᠲᠣᠳᠣ ᠶᠢᠨ ᠬᠡᠮᠵᠢᠶ᠎ᠡ ᠶᠢ ᠲᠠᠰᠤᠷᠠᠯᠲᠠ ᠥᠬᠡᠶ

ᠳᠡᠭᠡᠭᠰᠢᠯᠡᠭᠦᠯᠦᠨ᠂ ᠬᠢᠨᠠᠨ ᠪᠠᠶᠢᠴᠠᠭᠠᠬᠤ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ

ᠬᠦᠯᠢᠶᠡᠵᠦ᠂ ᠬᠢᠨᠠᠨ ᠪᠤᠳᠤᠬᠤ᠂ ᠪᠦᠷᠢᠳᠬᠡᠨ ᠬᠢᠨᠠᠯᠲᠠ ᠲᠠᠯᠪᠢᠬᠤ ᠶᠢ ᠴᠢᠩᠭᠠᠳᠬᠠᠨ᠂ ᠵᠠᠰᠠᠭ ᠤᠨ ᠣᠷᠳᠣᠨ ᠤ

ᠠᠵᠢᠯ ᠢ ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠥᠨᠳᠥᠷ ᠪᠦᠲᠦᠮᠵᠢᠲᠡᠶ ᠶᠠᠪᠤᠭᠳᠠᠭᠤᠯᠬᠤ ᠶᠢ ᠦᠨᠡᠨᠬᠦ ᠪᠠᠲᠤᠯᠠᠨ᠎ᠠ

᠃ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠲᠡᠷᠢᠭᠦᠨ ᠤ ᠬᠢ ᠶᠢ ᠲᠡᠮᠡᠴᠡᠨ

ᠰᠢᠯᠢᠳᠡᠭ ᠪᠣᠯᠬᠤ ᠪᠠᠷ ᠴᠢᠷᠮᠠᠶᠢᠨ᠎ᠠ᠃ ︽ᠬᠥᠭᠵᠢᠯᠲᠡ ᠪᠠᠷ ᠪᠠᠭᠠᠲᠤᠷ ᠢ ᠦᠨᠡᠯᠡᠬᠦ᠂ ᠪᠣᠳᠠᠲᠤ ᠠᠮᠵᠢᠯᠲᠠ ᠪᠠᠷ ᠭᠠᠪᠢᠶ᠎ᠠ

ᠤᠰᠤᠯ ᠢ ᠦᠨᠡᠯᠡᠬᠦ︾ ᠠᠵᠢᠯ ᠬᠢᠬᠦ ᠤᠳᠤᠷᠢᠳᠤᠮᠵᠢ ᠶᠢ ᠪᠠᠲᠤ ᠪᠤᠢ ᠪᠣᠯᠭᠠᠬᠤ ᠬᠡᠷᠡᠭᠲᠡᠢ᠃ ᠦᠨᠡᠨ ᠢ ᠪᠠᠷᠢᠮᠲᠠᠯᠠᠨ

ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢ ᠴᠢᠩᠭ᠎ᠠ ᠠᠳᠬᠤᠵᠤ᠂ ᠪᠠᠶᠢᠴᠠᠭᠠᠨ ᠰᠤᠳᠤᠯᠤᠯᠲᠠ ᠬᠢᠬᠦ ᠶᠢ

ᠴᠢᠬᠤᠯᠠᠴᠢᠯᠠᠨ᠂ ᠠᠷᠭ᠎ᠠ ᠰᠦᠪᠡᠭᠴᠢᠯᠡᠨ ᠲᠦᠷᠭᠡᠨ ᠠᠵᠢᠯᠯᠠᠵᠤ᠂ ᠲᠤᠰᠬᠠᠶ ᠮᠡᠷᠭᠡᠵᠢᠯ ᠤᠨ ᠰᠡᠳᠬᠢᠬᠦᠶ᠂ ᠲᠤᠰᠬᠠᠶ

ᠮᠡᠷᠭᠡᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ

ᠭᠦᠢᠴᠡᠳᠬᠡᠬᠦ᠂ ᠪᠡᠷᠬᠡ ᠶᠢ ᠲᠤᠭᠤᠯᠤᠨ ᠪᠡᠷᠬᠡ ᠶᠢ ᠳᠠᠪᠠᠭ᠋ᠤ ᠴᠢᠳᠠᠪᠤᠷᠢ ᠪᠠᠨ ᠳᠡᠭᠡᠭᠰᠢᠯᠡᠭᠦᠯᠦᠨ᠂ ︽ᠭᠤᠣᠯᠳᠠᠯᠭ᠎ᠠ ᠶᠢ

ᠲᠤᠪᠤᠶᠢᠯᠭᠠᠬᠤ᠂ ᠨᠠᠷᠢᠨ ᠵᠦᠢᠯᠡᠰ ᠢ ᠴᠢᠩᠭ᠎ᠠ ᠠᠳᠬᠤᠬᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠬᠤ᠂

ᠪᠢᠲᠡᠭᠦᠦ ᠴᠠᠭᠠᠷᠢᠭ ᠢ ᠪᠦᠷᠢᠯᠳᠦᠭᠦᠯᠬᠦ︾ ᠠᠵᠢᠯ ᠤᠨ ᠲᠣᠭᠲᠠᠴᠠ ᠶᠢ ᠪᠦᠷᠢᠨᠰᠢᠬᠦᠯᠦᠨ᠎ᠠ᠃ ᠵᠠᠰᠠᠭ ᠤᠨ

ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠬᠠᠷᠠᠯᠲᠠᠲᠤ

ᠬᠠᠮᠢᠶᠠᠷᠤᠯᠲᠠ ᠶᠢ ᠰᠠᠶᠢᠲᠤᠷ ᠠᠳᠬᠤᠵᠤ᠂  ᠤᠶᠢᠯᠡᠳᠤᠯ ᠴᠢᠳᠠᠪᠤᠷᠢ ᠶᠢᠨ ᠵᠥᠪ ᠴᠢᠭᠯᠡᠯ ᠢᠶᠠᠷ ᠤᠷᠮᠠᠰᠢᠭᠤᠯᠬᠤ ᠪᠠ

ᠡᠰᠡᠷᠭᠦ ᠴᠢᠭᠯᠡᠯ ᠢᠶᠠᠷ ᠵᠠᠯᠬᠠᠭᠠᠨ ᠴᠡᠭᠡᠷᠯᠡᠭᠦᠯᠬᠦ ᠶᠢ ᠬᠠᠷᠢᠯᠴᠠᠨ ᠤᠶᠠᠯᠳᠤᠭᠤᠯᠤᠨ ᠬᠡᠷᠡᠭᠯᠡᠬᠦ ᠶᠢ ᠬᠡᠷᠡᠭᠵᠢᠭᠦᠯᠦᠨ᠂

ᠦᠨᠳᠦᠰᠦᠨ ᠱᠠᠲᠤᠨ ᠤ ᠺᠠᠳ᠋ᠷᠴᠤᠳ ᠤᠨ ᠢᠳᠡᠪᠬᠢᠲᠡᠶ ᠰᠠᠨᠠᠭᠠᠴᠢᠯᠠᠭᠠᠲᠤ ᠴᠢᠨᠠᠷ ᠢ ᠭᠦᠢᠴᠡᠤᠡ ᠳᠠᠶᠢᠴᠢᠯᠠᠵᠤ᠂ ᠡᠯ᠎ᠡ

ᠵᠤᠶᠢᠯ ᠤᠨ ᠠᠵᠢᠯ ᠢ ᠡᠴᠦᠰ ᠲᠤᠨᠢ ᠲᠤᠯᠲᠠᠯ᠎ᠠ ᠠᠳᠬᠤᠵᠤ᠂ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠶ

ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ

ᠪᠦᠲᠦᠭᠡᠬᠦ︾ ᠶᠢ ᠶᠡᠭᠡ ᠪᠠᠷ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ

ᠲᠦᠷᠭᠡᠪᠴᠢᠯᠡᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠠᠷᠠᠳ ᠤᠨ ᠲᠥᠯᠥᠭᠡ ᠵᠢᠳᠬᠦᠬᠦ ᠵᠣᠷᠢᠯᠲᠠ ᠶᠢ

ᠬᠢᠴᠢᠶᠡᠩᠭᠦ᠋ᠢᠯᠡᠨ ᠰᠠᠬᠢᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠤᠷᠲᠠᠯ ᠢ ᠳᠠᠪᠲᠠᠨ ᠪᠣᠯᠪᠠᠰᠤᠷᠠᠭᠤᠯᠤᠨ᠎ᠠ᠃

ᠢᠮᠠᠭᠲᠠ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ

ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ

ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ

ᠰᠤᠷᠲᠠᠯ ᠢ ᠴᠢᠩᠭ᠎ᠠ ᠴᠡᠭᠡᠷᠯᠡᠵᠦ᠂ ᠦᠨᠳᠦᠰᠦᠨ ᠱᠠᠲᠤᠨ ᠤ ᠬᠦᠯᠢᠶᠡᠰᠦ ᠶᠢ ᠰᠤᠯᠠᠯᠠᠨ ᠳᠠᠷᠤᠭᠠᠰᠤ ᠶᠢ ᠬᠥᠩᠭᠡᠷᠡᠭᠦᠯᠵᠦ

᠂ ᠺᠠᠳ᠋ᠷᠴᠤᠳ ᠤᠨ ᠤᠶᠤᠨ ᠴᠢᠳᠠᠯ ᠢ ᠨᠢᠭᠡᠳᠦᠭᠡᠷ ᠹᠷᠣᠨᠲ ᠲᠤ ᠣᠴᠢᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ

ᠳᠡᠭᠡᠷ᠎ᠡ ᠨᠡᠩ ᠢᠯᠡᠭᠦᠦ ᠲᠠᠯᠪᠢᠬᠤ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠠᠮᠵᠢᠯᠲᠠ ᠶᠢᠨ

ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠵᠠᠰᠠᠭ ᠤᠨ ᠣᠷᠳᠣᠨ ᠤ ᠠᠷᠪᠢᠯᠠᠨ ᠭᠠᠮᠨᠠᠬᠤ ᠶᠢ ᠳᠠᠳᠬᠠᠯ ᠪᠣᠯᠭᠠᠵᠤ᠂

ᠬᠡᠪ ᠤᠨ ᠪᠠᠶᠢᠳᠠᠯ ᠪᠣᠯᠭᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ

ᠳᠡᠭᠡᠭᠰᠢᠯᠡᠭᠦᠯᠵᠦ᠂ ᠨᠡᠩ ᠤᠯᠠᠨ ᠡᠳ᠋ ᠤᠨ ᠬᠦᠴᠦᠨ ᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂

ᠬᠥᠭᠵᠢᠯᠲᠡ ᠶᠢ ᠠᠬᠢᠭᠤᠯᠬᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ  ᠰᠢᠢᠤᠡᠪᠤᠷᠢᠯᠡᠬᠦ ᠳᠡᠭᠡᠷ᠎ᠡ ᠬᠡᠷᠡᠭᠯᠡᠵᠦ

᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠠᠷᠠᠳ ᠲᠦᠮᠡᠨ ᠢ ᠬᠥᠰᠡᠷᠳᠡᠭᠦᠯᠬᠦ ᠦᠭᠡᠢ ᠰᠢᠨ᠎ᠡ ᠠᠮᠵᠢᠯᠲᠠ

ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠶ᠃

    ᠲᠥᠯᠥᠭᠡᠯᠡᠭᠴᠢᠳ ᠡ᠂ ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ

ᠠᠮᠢᠨ ᠰᠤᠳᠠᠰᠤ ᠮᠥᠨ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ

ᠤᠬᠠᠮᠰᠠᠷ ᠤᠨ ᠭᠤᠣᠯ ᠰᠢᠵᠢᠮ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠡᠯ᠎ᠡ ᠵᠦᠢᠯ ᠤᠨ ᠠᠵᠢᠯ ᠤᠨ ᠳᠤᠮᠳᠠ ᠪᠠᠨ

ᠪᠦᠬᠦ ᠲᠠᠯ᠎ᠠ ᠪᠠᠷ ᠲᠤᠤᠱᠯᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ

ᠪᠠᠶᠢᠭᠤᠯᠬᠤ ᠱᠠᠭᠠᠷᠳᠠᠯᠭ᠎ᠠ ᠶᠢ ᠡᠯ᠎ᠡ ᠵᠦᠢᠯ ᠤᠨ ᠠᠵᠢᠯ ᠦᠢᠯᠡᠰ ᠳᠡᠭᠡᠷ᠎ᠡ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂

ᠶᠠᠮᠠᠷᠪᠠ ᠠᠰᠠᠭᠤᠳᠠᠯ ᠢ ᠪᠣᠳᠣᠯᠬᠢᠯᠠᠬᠤ᠂ ᠶᠠᠮᠠᠷᠪᠠ  ᠰᠢᠢᠤᠡᠪᠤᠷᠢᠳᠤ ᠪᠤᠳᠤᠯᠭ᠎ᠠ ᠲᠣᠭᠲᠠᠭᠠᠬᠤ᠂ ᠶᠠᠮᠠᠷᠪᠠ ᠠᠵᠢᠯ ᠢ

ᠬᠢᠬᠦ ᠳᠤ ᠴᠥᠮ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠭᠤᠣᠯ ᠰᠢᠵᠢᠮ ᠠᠴᠠ ᠪᠠᠨ ᠥᠴᠦᠬᠡᠨ ᠴᠦ

ᠰᠠᠯᠬᠤ ᠦᠭᠡᠢ ᠪᠠᠷ ᠥᠷᠨᠢᠭᠦᠯᠵᠦ᠂ ︽ᠲᠤᠯᠤᠭᠠᠨ ᠵᠢᠱᠢᠶᠡᠴᠢ ᠪᠣᠯᠬᠤ︾ ᠳᠡᠭᠡᠷ᠎ᠡ ᠦᠨᠡᠨ ᠬᠦ ᠠᠮᠵᠢᠯᠲᠠ ᠪᠦᠲᠦᠮᠵᠢ

ᠭᠠᠷᠭᠠᠬᠤ ᠬᠡᠷᠡᠭᠲᠡᠶ᠃ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾

ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠲᠡᠷᠢᠭᠦᠨ

ᠬᠤᠳᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ

ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠪᠦᠬᠦ

ᠲᠤᠭᠤᠷᠢᠭ ᠤᠨ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂

ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠨᠠᠷ ᠤᠨ ᠦᠷ᠎ᠡ ᠰᠢᠭ ᠨᠢᠭᠲᠠ ᠨᠢᠭᠲᠠᠷᠠᠨ ᠪᠦᠯᠬᠦᠮᠳᠡᠬᠦ ᠶᠢ ᠠᠬᠢᠭᠤᠯᠬᠤ

ᠬᠡᠷᠡᠭᠲᠡᠢ᠃

    ᠲᠥᠯᠥᠭᠡᠯᠡᠭᠴᠢᠳ ᠡ︕  ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ

ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ

ᠲᠤᠭᠤᠷᠢᠭ ᠤᠨ ᠠᠷᠠᠳ ᠲᠦᠮᠡᠨ ᠳᠤ ᠴᠢᠩᠭ᠎ᠠ ᠲᠦᠰᠢᠭᠯᠡᠵᠦ᠂ ᠬᠠᠷᠠᠯᠲᠠ ᠪᠠᠨ ᠲᠣᠭᠲᠠᠭᠠᠵᠤ᠂ ᠬᠦᠴᠢᠷ ᠢ ᠰᠦᠷᠦᠨ

ᠤᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂

ᠭᠤᠣᠯ ᠬᠤᠳᠠ ᠶᠢᠨ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠵᠦ᠂ ︽ᠰᠢᠨ᠎ᠡ ᠵᠠᠮ ᠢᠶᠠᠷ

ᠤᠷᠤᠭᠰᠢᠯᠠᠵᠤ ᠲᠤᠮᠳᠠ ᠲᠦᠪᠰᠢᠨ ᠳᠤ ᠤᠷᠤᠬᠤ︾ ᠬᠠᠷᠠᠯᠲᠠ ᠲᠡᠰᠢ ᠯᠠᠪᠳᠠᠭᠤᠨ ᠪᠠᠲᠤᠲᠠᠢ ᠤᠷᠤᠭᠰᠢᠯᠠᠵᠤ᠂

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠰᠢᠨ᠎ᠡ ᠬᠠᠭᠤᠳᠠᠰᠤ ᠶᠢ

ᠴᠢᠷᠮᠠᠶᠢᠨ ᠪᠢᠴᠢᠭᠯᠡᠶ᠎ᠡ︕

   

   

 

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号