2 ᠰᠠᠷ᠎ᠠ ᠶᠢᠨ 21 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶᠠᠨ ᠤ ᠬᠤᠷᠢᠨ ᠳᠥᠷᠪᠡᠳᠦᠭᠡᠷ ᠬᠤᠷᠠᠯ | ᠬᠤᠷᠠᠯᠳᠤᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠼᠤᠤ ᠬᠤᠢ ᠰᠢᠶᠠᠨ ᠬᠤᠷᠠᠯ ᠳᠤ ᠣᠷᠣᠯᠴᠠᠵᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠫᠧᠩ ᠮᠢᠩ ᠯᠢᠨ ᠬᠤᠷᠠᠯ ᠢ ᠡᠷᠬᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠴᠢᠬᠤᠯᠠ ᠵᠣᠬᠢᠶᠠᠯ ︽ᠥᠭᠡᠷᠡᠴᠢᠯᠡᠯᠲᠡ ᠶᠢ ᠴᠢᠨᠠᠭᠰᠢᠳᠠ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ ᠬᠡᠳᠦᠨ ᠴᠢᠬᠤᠯᠠ ᠶᠡᠭᠡ ᠤᠨᠤᠯ ᠪᠣᠯᠤᠨ ᠦᠢᠯᠡᠳᠦᠯᠭᠡ ᠶᠢᠨ | ᠠᠰᠠᠭᠤᠳᠠᠯ︾᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠪᠣᠯᠤᠨ ᠦᠬᠠᠢ ᠬᠤᠳᠠ ᠶᠢᠨ | ᠨᠠᠮ ᠤᠨ ᠬᠤᠷᠢᠶ᠎ᠠ ᠶᠢᠨ ᠱᠦᠵᠢ ᠵᠧᠦ ᠶᠢᠨ ᠰᠢᠩ ᠨᠥᠬᠦᠷ ᠤᠨ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠬᠡᠰᠡᠭ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ | ᠪᠥᠭᠡᠳ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠪᠡ︔ ︽ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠣᠯᠳᠠᠯᠭ᠎ᠠ | ︵ᠲᠥᠰᠦᠯ︶︾ ᠵᠡᠷᠭᠡ ᠬᠤᠯᠪᠣᠭᠳᠠᠯ ᠪᠦᠬᠦᠢ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠭᠰᠠᠨ ᠪᠥᠭᠡᠳ | ᠠᠵᠢᠯᠳᠠᠨ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠪᠠ᠃ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠼᠤᠤ ᠬᠤᠶ ᠰᠢᠶᠠᠨ ᠺᠠᠳ᠋ᠷ ᠲᠣᠮᠢᠯᠠᠬᠤ ᠳᠤ ᠲᠣᠮᠢᠯᠠᠯᠲᠠ ᠶᠢᠨ ᠪᠢᠴᠢᠭ ᠭᠠᠷᠳᠠᠭᠤᠯᠵᠤ᠂ ᠡᠭᠦᠨ ᠤ ᠬᠠᠮᠲᠤ᠂ | ᠲᠤᠰᠢᠶᠠᠯ ᠳᠤ ᠲᠣᠮᠢᠯᠠᠭᠳᠠᠭᠰᠠᠨ ᠨᠥᠬᠦᠳ ᠵᠣᠬᠢᠶᠠᠨ ᠪᠠᠶᠢᠭᠤᠯᠤᠯᠲᠠ ᠠᠴᠠ ᠣᠯᠭᠤᠭᠰᠠᠨ ᠬᠦᠨᠳᠦ ᠨᠠᠶᠢᠳᠠᠯᠭ᠎ᠠ ᠶᠢ | ᠨᠠᠨᠳᠢᠩᠨᠠᠵᠤ᠂ ᠠᠷᠠᠳ ᠲᠦᠮᠡᠨ ᠤ ᠨᠠᠶᠢᠳᠠᠭᠰᠠᠨ ᠢᠲᠡᠭᠡᠯ ᠨᠠᠶᠢᠳᠠᠯᠭ᠎ᠠ ᠶᠢ ᠨᠠᠨᠳᠢᠩᠨᠠᠵᠤ᠂ ᠤᠯᠤᠰ ᠲᠦᠷᠦ ᠶᠢᠨ | ᠵᠣᠭᠰᠣᠯᠲᠠ ᠪᠠᠨ ᠪᠠᠲᠤᠳᠬᠠᠵᠤ᠂ ᠬᠠᠤᠯᠢ ᠶᠢ ᠴᠢᠩᠭ᠎ᠠ ᠵᠢᠷᠤᠮᠯᠠᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠤᠯᠠᠨ | ᠲᠦᠮᠡᠨ ᠲᠠᠢ ᠨᠢᠭᠲᠠ ᠬᠠᠷᠢᠯᠴᠠᠵᠤ᠂ ᠰᠢᠨ᠎ᠡ ᠠᠵᠢᠯ ᠤᠨ ᠪᠠᠶᠢᠷᠢ ᠳᠡᠭᠡᠷ᠎ᠡ ᠪᠠᠨ ᠲᠤᠰ ᠪᠡᠶ᠎ᠡ ᠶᠢᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ᠂ | ᠬᠠᠶᠢᠷᠤᠪ ᠤᠨ ᠲᠤᠬᠤᠢ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ | ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠢᠶᠠᠨ | ᠪᠠᠳᠠᠷᠠᠭᠤᠯᠤᠨ᠎ᠠ᠃ | ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠲᠣᠮᠢᠯᠠᠵᠤ ᠪᠠᠭᠤᠯᠭᠠᠬᠤ ᠨᠡᠷᠡᠰ | ︵2025 ᠣᠨ ᠤ 2 ᠰᠠᠷ᠎ᠠ ᠶᠢᠨ 21 ᠤ ᠡᠳᠦᠷ ᠬᠠᠶᠢᠷᠤᠪ ᠤᠨ ᠲᠤᠬᠤᠢ ᠣᠷᠣᠨ ᠤ ᠠᠷᠪᠠᠨ ᠨᠢᠭᠡᠳᠦᠭᠡᠷ | ᠬᠤᠭᠤᠴᠠᠭᠠᠨ ᠤᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠢᠨ ᠳᠥᠷᠪᠡᠳᠦᠭᠡᠷ ᠬᠤᠷᠠᠯᠳᠤᠭᠠᠨ ᠠᠴᠠ | ᠪᠠᠲᠤᠯᠠᠪᠠ︶ | ᠲᠤᠰᠢᠶᠠᠯ ᠠᠴᠠ ᠨᠢ ᠪᠠᠭᠤᠯᠭᠠᠬᠤ ᠨᠢ᠄ | ᠵᠢᠶᠠ ᠶᠠᠨ ᠷᠦ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠠᠴᠠ ᠪᠠᠭᠤᠯᠭᠠᠪᠠ᠃ | ᠹᠠᠨ ᠶᠦᠩ ᠱᠧᠩ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠲᠤᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠠᠴᠠ ᠪᠠᠭᠤᠯᠭᠠᠪᠠ᠃ | ᠲᠠ ᠸᠧᠢ ᠳ᠋ᠠᠢ ᠬᠠᠶᠢᠷᠤᠪ ᠤᠨ ᠲᠤᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠠᠴᠠ ᠪᠠᠭᠤᠯᠭᠠᠪᠠ᠃ | ᠲᠤᠰᠢᠶᠠᠯ ᠳᠤ ᠲᠣᠮᠢᠯᠠᠬᠤ ᠨᠢ᠄ | ᠯᠢ ᠳ᠋ᠦᠩ ᠬᠠᠶ ᠶᠢ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ ᠪᠠᠷ ᠲᠤᠮᠢᠯᠠᠪᠠ᠃ |