ᠲᠥᠪᠯᠡᠷᠡᠭᠦᠯᠦᠨ ᠬᠢᠴᠢᠶᠡᠯ ᠪᠡᠯᠡᠳᠭᠡᠬᠦ + ᠪᠣᠯᠪᠠᠰᠤᠷᠠᠯ
ᠨᠡᠶᠢᠲᠡᠯᠡᠭᠰᠡᠨ ᠴᠠᠭ᠄
2025/2/24
    2 ᠳ᠋ᠤᠭᠠᠷ ᠰᠠᠷ᠎ᠠ ᠶᠢᠨ 21 ᠤ ᠡᠳᠦᠷ᠂  ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ︽ᠰᠤᠷᠤᠯᠭ᠎ᠠ‌ᠡᠬᠢᠯᠡᠬᠦ ᠨᠢᠭᠡᠳᠦᠭᠡᠷ ᠬᠢᠴᠢᠶᠡᠯ︾ ᠪᠤᠯᠤᠨ‌‍ᠴᠡᠷᠢᠭ ᠠᠴᠠ ᠬᠠᠯᠠᠭᠳᠠᠭᠰᠠᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠤᠰᠬᠠᠢ ᠰᠡᠳᠦᠪᠲᠦ ᠪᠣᠯᠪᠠᠰᠤᠷᠠᠭᠤᠯᠤᠯ ᠬᠠᠶᠢᠷᠤᠪ ᠤᠨ ᠲᠣᠬᠤᠢ ᠲᠣᠭᠤᠷᠢᠭ ᠤᠨ ᠨᠣᠮ ᠤᠨ ᠰᠠᠩ ᠤᠨ ᠬᠤᠶᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠤᠷᠤᠭᠰᠢᠲᠠᠢ ᠶᠠᠪᠤᠭᠳᠠᠪᠠ᠃
640.jpg   
    ᠲᠤᠰ ᠤᠳᠠᠭ᠎ᠠ ᠶᠢᠨ ᠪᠣᠯᠪᠠᠰᠤᠷᠠᠯ ᠳᠤ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠪᠠᠭᠰᠢ᠂ ᠴᠡᠷᠢᠭ ᠠᠴᠠ ᠬᠠᠯᠠᠭᠳᠠᠭᠰᠠᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠵᠢᠴᠢ ᠡᠯ᠎ᠡ ᠬᠦᠷᠢᠶᠡᠨ ᠤ ᠤᠬᠠᠭᠤᠯᠤᠨ ᠲᠠᠶᠢᠯᠪᠤᠷᠢᠯᠠᠬᠤ ᠭᠤᠣᠯᠯᠠᠭᠴᠢ ᠬᠦᠴᠦᠨ ᠵᠡᠷᠭᠡ ᠤᠯᠠᠨ ᠣᠷᠣᠯᠴᠠᠭᠰᠠᠳ ᠢ ᠲᠠᠲᠠᠵᠤ᠂ ᠤᠯᠠᠨ ᠢᠶᠠᠷ ᠢᠶᠠᠨ ᠨᠢᠭᠡ ᠲᠠᠩᠬᠢᠮ ᠳᠤ ᠴᠤᠭᠯᠠᠷᠠᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠦᠢᠯᠡᠰ ᠲᠤ ᠬᠠᠮᠲᠤᠪᠠᠷ ᠬᠦᠴᠦᠨ ᠴᠢᠳᠠᠯ ᠢᠶᠠᠨ ᠡᠷᠭᠦᠵᠡᠢ᠃
640.png   
    ᠲᠤᠰ ᠤᠳᠠᠭ᠎ᠠ ᠶᠢᠨ ᠪᠣᠯᠪᠠᠰᠤᠷᠠᠯ ᠳᠤ ᠦᠬᠠᠢ ᠬᠤᠳᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠠᠷᠤᠭ᠎ᠠ᠂ ᠳᠡᠳ᠋ ᠫᠷᠤᠹᠥᠰᠰᠤᠷ᠂ ᠤᠮᠠᠷᠠᠲᠤ ᠶᠢᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠳᠡᠳ᠋ ᠳᠠᠷᠤᠭ᠎ᠠ ᠵᠢᠶᠠᠩ ᠬᠦᠢ ᡁᠢ ᠪᠠᠭᠰᠢ ᠵᠢᠴᠢ ᠤᠬᠠᠭᠤᠯᠤᠨ ᠲᠠᠶᠢᠯᠪᠤᠷᠢᠯᠠᠬᠤ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠴᠡᠷᠢᠭ ᠠᠴᠠ ᠬᠠᠯᠠᠭᠳᠠᠭᠰᠠᠳ ᠪᠣᠯᠣᠨ ᠰᠢᠯᠢᠳᠡᠭ ᠤᠬᠠᠭᠤᠯᠤᠨ ᠲᠠᠶᠢᠯᠪᠤᠷᠢᠯᠠᠭᠴᠢᠳ ᠢ ᠤᠷᠢᠵᠠᠢ᠃ ᠪᠣᠯᠪᠠᠰᠤᠷᠠᠭᠤᠯᠤᠯ ᠤᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠪᠠᠶᠢᠳᠠᠭ᠃ ᠵᠢᠶᠠᠩ ᠬᠦᠢ ᡁᠢ ᠪᠠᠭᠰᠢ ᠪᠣᠯᠣᠨ ᠴᠡᠷᠢᠭ ᠤᠨ ᠠᠯᠪᠠᠨ ᠠᠴᠠ ᠪᠠᠭᠤᠭᠰᠠᠳ ᠴᠢᠶᠣᠤ ᠭᠤᠤ ᠯᠧᠢ᠂ ᠸᠠᠩ  ᠰᠢᠤᠸᠠᠨ ᠰᠧᠨ᠂ ᠬᠠᠨ ᠵᠢᠶᠠᠩ ᠲᠤᠤ ᠵᠡᠷᠭᠡ ᠵᠢᠷᠭᠤᠭᠠᠨ ᠤᠬᠠᠭᠤᠯᠤᠨ ᠲᠠᠶᠢᠯᠪᠤᠷᠢᠯᠠᠭᠴᠢ ︽ᠤᠬᠠᠭᠤᠯᠤᠨ ᠲᠠᠶᠢᠯᠪᠤᠷᠢᠯᠠᠬᠤ ᠶᠢ ᠬᠡᠷᠬᠢᠨ ᠭᠡᠷᠡᠯᠳᠦᠬᠦᠯᠬᠦ︾ ᠶᠢᠨ ᠲᠣᠭᠤᠷᠢᠨ ᠳᠤ ᠬᠠᠷᠢᠯᠴᠠᠨ ᠶᠠᠷᠢᠯᠴᠠᠵᠤ᠂ ᠤᠬᠠᠭᠤᠯᠤᠨ ᠲᠠᠶᠢᠯᠪᠤᠷᠢᠯᠠᠬᠤ ᠶᠠᠪᠤᠴᠠ ᠳᠠᠬᠢ ᠲᠤᠷᠰᠢᠯᠭ᠎ᠠ ᠪᠣᠯᠣᠨ ᠣᠶᠢᠯᠠᠭᠠᠯᠲᠠ ᠪᠠᠨ ᠬᠤᠪᠢᠶᠠᠯᠴᠠᠵᠠᠢ᠃ ᠳᠠᠷᠠᠭ᠎ᠠ ᠨᠢ᠂ ᠵᠢᠶᠠᠩ ᠬᠦᠢ ᡁᠢ ᠪᠠᠭᠰᠢ︽ᠤᠮᠠᠷᠠᠲᠤ ᠶᠢᠨ ᠰᠣᠶᠣᠯ ᠢ ᠪᠠᠳᠠᠷᠠᠭᠤᠯᠵᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠯᠢᠭᠡᠷ ᠢ ᠰᠠᠶᠢᠲᠤᠷ ᠶᠠᠷᠢᠬᠤ︾ ᠪᠠᠷ ᠭᠤᠣᠯ ᠰᠡᠳᠦᠪ ᠪᠣᠯᠭᠠᠵᠤ᠂ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠴᠢᠬᠤᠯᠠ ᠠᠴᠢ ᠬᠤᠯᠪᠣᠭᠳᠠᠯ ᠪᠣᠯᠣᠨ ᠤᠬᠠᠭᠤᠯᠤᠨ ᠲᠠᠶᠢᠯᠪᠤᠷᠢᠯᠠᠬᠤ ᠤᠷ᠎ᠠ ᠳᠡᠮ ᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠠᠢ᠃ ᠪᠣᠯᠪᠠᠰᠤᠷᠠᠯ ᠤᠨ ᠶᠠᠪᠤᠴᠠ ᠳᠤ᠂ ᠪᠠᠰᠠ ᠰᠦᠯᠵᠢᠶᠡᠨ ᠳᠡᠭᠡᠷᠡᠬᠢ ᠦᠵᠡᠭᠴᠢᠳ ᠲᠠᠢ ᠰᠠᠨᠠᠯ ᠢᠶᠠᠨ ᠰᠣᠯᠢᠯᠴᠠᠵᠤ᠂ ᠮᠠᠳᠠᠭ ᠲᠠᠢ ᠠᠰᠠᠭᠤᠳᠠᠯ ᠢ ᠨᠢ ᠲᠠᠶᠢᠯᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃
640 (1).png   
    2023 ᠣᠨ ᠳᠤ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢ ᠡᠬᠢᠯᠡᠭᠦᠯᠦᠭᠰᠡᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠬᠢᠨ ᠰᠤᠷᠤᠯᠭ᠎ᠠ ᠶᠢᠨ ᠬᠤᠭᠤᠴᠠᠭ᠎ᠠ ᠪᠦᠷᠢ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠥᠪᠯᠡᠷᠡᠭᠦᠯᠦᠨ ᠬᠢᠴᠢᠶᠡᠯ ᠪᠡᠯᠡᠳᠬᠡᠬᠦ᠂ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠯ ᠬᠢᠬᠦ ᠵᠡᠷᠭᠡ ᠬᠡᠯᠪᠡᠷᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ ᠲᠤ ᠣᠷᠣᠭᠤᠯᠬᠤ ᠶᠢ ᠠᠬᠢᠭᠤᠯᠵᠤ᠂ ᠬᠠᠶᠢᠷᠤᠪ ᠤᠨ ᠲᠣᠬᠤᠢ‌‍ᠲ᠋ᠣᠭᠤᠷᠢᠭ ᠤᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠴᠢᠬᠤᠯᠠ ᠲᠦᠷᠦᠯ ᠲᠡᠮᠳᠡᠭ ᠪᠣᠯᠤᠭᠰᠠᠨ ᠪᠠᠶᠢᠨ᠎ᠠ᠃  ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠰᠦᠨ ᠺᠠᠢ ᠰᠣᠷᠪᠤᠯᠵᠢᠯᠠᠭ᠎ᠠ‌‍ᠶᠢ ᠬᠦᠯᠢᠶᠡᠬᠦ ᠳᠡᠭᠡᠨ᠄ ︽ᠴᠡᠷᠢᠭ ᠠᠴᠠ ᠬᠠᠯᠠᠭᠳᠠᠭᠰᠠᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠣᠯ ᠮᠠᠨ ᠤ ᠨᠢᠭᠡ ᠶᠡᠭᠡ ᠣᠨᠴᠠᠯᠢᠭ ᠮᠥᠨ᠂ ᠲᠠᠳᠠ ᠥᠪᠡᠷ ᠤᠨ ᠥᠩᠭᠡᠷᠡᠯᠲᠡ ᠪᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠥᠯᠢᠭᠡᠷ ᠢ ᠶᠠᠷᠢᠵᠤ᠂ ᠬᠤᠪᠢᠰᠬᠠᠯ ᠤᠨ ᠭᠧᠨ ᠢ ᠬᠥᠮᠥᠰ ᠤᠨ ᠰᠡᠳᠬᠢᠯ ᠳᠤ ᠬᠠᠳᠠᠩᠰᠢᠭᠤᠯᠤᠨ᠎ᠠ᠃ ᠢᠷᠡᠭᠡᠳᠦᠢ ᠳᠤ ᠪᠢᠳᠡ ᠦᠷᠭᠦᠯᠵᠢᠯᠡᠨ ᠬᠡᠯᠪᠡᠷᠢ ᠶᠢᠨ ᠰᠢᠨ᠎ᠡ ᠶᠢ ᠡᠭᠦᠳᠴᠦ᠂ ᠠᠭᠤᠯᠭ᠎ᠠ ᠶᠢ ᠪᠠᠶᠠᠯᠢᠭᠵᠢᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠬᠠᠶᠢᠷᠤᠪ ᠤᠨ ᠲᠤᠬᠤᠢ ᠲᠤᠭᠤᠷᠢᠭ ᠳᠤ ᠦᠨᠳᠦᠰᠦᠯᠡᠭᠦᠯᠵᠦ᠂  ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠨᠠᠩ ᠣᠯᠠᠨ ᠬᠦᠴᠦᠨ ᠴᠢᠳᠠᠯ ᠢ ᠨᠢᠭᠲᠠᠷᠠᠭᠤᠯᠤᠨ᠎ᠠ︾ ᠭᠡᠵᠡᠢ᠃
640 (1).jpg   
    ᠬᠠᠶᠢᠷᠤᠪ ᠤᠨ ᠲᠣᠬᠤᠢ ᠲᠣᠭᠤᠷᠢᠭ ᠤᠨ ᠬᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠰᠤᠷᠤᠯᠭ᠎ᠠ‌ᠡᠬᠢᠯᠡᠬᠦ ᠠᠩᠬᠠᠨ ᠤ ᠬᠢᠴᠢᠶᠡᠯ︾ ᠵᠡᠷᠭᠡ ᠠᠵᠢᠯᠯᠠᠭ᠎ᠠ ᠪᠠᠷ ᠳᠠᠮᠵᠢᠭᠤᠯᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯᠣᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃ ᠲᠤᠰ ᠤᠳᠠᠭ᠎ᠠ ᠶᠢᠨ ᠠᠵᠢᠯᠯᠠᠭ᠎ᠠ ᠶᠢ ᠦᠬᠠᠢ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠳᠠ ᠶᠢᠨ ᠨᠠᠮ ᠤᠨ ᠬᠤᠷᠢᠶ᠎ᠠ ᠶᠢᠨ ᠯᠧᠺᠲ᠋ᠣᠷ ᠤᠨ ᠪᠦᠯᠬᠦᠮ ᠠᠴᠠ ᠭᠤᠣᠯᠯᠠᠨ ᠡᠷᠬᠢᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ᠂ ᠲᠣᠭᠤᠷᠢᠭ ᠤᠨ ᠨᠣᠮ ᠤᠨ ᠰᠠᠩ ᠬᠠᠮᠲᠤᠪᠠᠷ ᠳᠠᠭᠠᠭᠠᠴᠢᠯᠠᠨ ᠡᠷᠬᠢᠯᠡᠪᠡ᠃ ᠬᠤᠲᠠ ᠲᠣᠭᠤᠷᠢᠭ ᠤᠨ ᠬᠤᠶᠠᠷ ᠱᠠᠲᠤᠨ ᠤ ᠬᠤᠯᠪᠣᠭᠳᠠᠯ ᠪᠦᠬᠦᠢ ᠤᠳᠤᠷᠢᠳᠤᠯᠭ᠎ᠠ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号