ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2025/2/27
    2 ᠰᠠᠷ᠎ᠠ ᠶᠢᠨ 25᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠭᠰᠠᠨ ᠨᠢ ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠴᠣ  ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃
640.jpg   
    ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠪᠣᠯ ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠦᠷ᠎ᠡ ᠪᠦᠲᠦᠭᠡᠯ ᠪᠣᠯᠤᠨ᠎ᠠ᠃ ᠵᠠᠷᠭᠤ ᠶᠢᠨ ᠦᠢᠯᠡᠴᠢᠯᠡᠭᠡᠨ ᠤ ᠲᠥᠪ᠂ ᠪᠠᠶᠢᠴᠠᠭᠠᠬᠤ ᠦᠢᠯᠡᠴᠢᠯᠡᠭᠡᠨ ᠤ ᠲᠥᠪ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠥᠪ ᠵᠡᠷᠭᠡ ᠭᠤᠣᠯ ᠴᠢᠳᠠᠮᠵᠢ ᠶᠢᠨ ᠨᠢᠭᠡᠴᠢ ᠶᠢ ᠣᠷᠭᠠᠨᠢᠭ ᠢᠶᠠᠷ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠤᠯᠠᠨ ᠰᠠᠯᠠᠭ᠎ᠠ ᠮᠥᠴᠢᠷ ᠬᠠᠮᠵᠢᠯᠴᠠᠭᠰᠠᠨ ᠵᠥᠷᠢᠴᠡᠯ ᠵᠢᠭᠤᠷᠠᠯᠳᠤᠭᠠᠨ ᠢ ︽ᠨᠢᠭᠡ ᠯᠡ ᠥᠷᠲᠡᠭᠡᠨ ᠤ ᠮᠠᠶ᠋ᠢᠭ ᠤᠨ ᠰᠢᠢᠳᠪᠦᠷᠢᠯᠡᠬᠦ ᠲᠠᠪᠴᠠᠩ︾᠎ ᠢ ᠪᠠᠶᠢᠭᠤᠯᠵᠤ᠂ ᠤᠯᠠᠨ ᠲᠦᠮᠡᠨ ᠢ ︽ᠨᠢᠭᠡ ᠯᠡ ᠡᠭᠦᠳᠡ ᠪᠠᠷ ᠣᠷᠣᠵᠤ᠂ ᠬᠠᠮᠤᠭ ᠤᠨ ᠠᠷᠪᠢᠨ ᠳᠠᠭᠠᠨ ᠨᠢᠭᠡ ᠭᠠᠵᠠᠷ ᠭᠦᠶᠦᠯᠭᠡᠬᠦ︾᠎ ᠶᠢ ᠦᠨᠡᠨ ᠬᠦ ᠪᠡᠶᠡᠯᠡᠭᠦᠯᠪᠡ᠃
640 (1).jpg   
    ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠪᠣᠯ ᠲᠥᠪ ᠤᠨ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠬᠦ ᠠᠮᠢᠳᠤᠯᠢᠭ ᠦᠢᠯᠡᠳᠦᠯᠭᠡ᠂ ᠪᠠᠰᠠ ᠴᠤ ᠠᠷᠠᠳ ᠤᠨ ᠲᠥᠯᠥᠭᠡ ᠵᠣᠪᠠᠨᠢᠯ ᠢ ᠰᠢᠢᠳᠪᠦᠷᠢᠯᠡᠬᠦ ︽ᠨᠢᠭᠡ ᠦᠷᠳᠡᠭᠡ︾᠎ ᠶᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠎ᠠ︔  ᠪᠣᠳᠠᠲᠤ ᠦᠷ᠎ᠡ ᠪᠦᠲᠦᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡ ᠵᠣᠪᠠᠨᠢᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠂ ᠭᠠᠳᠠᠨ᠎ᠠ ᠠᠴᠠ ᠲᠦᠷᠢ ᠲᠥᠷᠬᠦ ᠶᠢ ᠪᠤᠢ ᠪᠣᠯᠭᠠᠵᠤ ᠬᠡᠪ ᠴᠢᠨᠠᠷ ᠢᠶᠠᠨ ᠴᠢᠩᠭᠠᠳᠬᠠᠵᠤ᠂ ᠰᠢᠯᠭᠠᠷᠠᠭᠰᠠᠨ ᠪᠦᠯᠬᠦᠮ ᠢ ᠪᠠᠶᠢᠭᠤᠯᠵᠤ᠂ ᠵᠢᠷᠤᠮᠵᠢᠭᠰᠠᠨ ᠠᠵᠢᠯᠯᠠᠭᠠᠨ ᠢ ᠲᠦᠷᠭᠡᠨ ᠪᠡᠶᠡᠯᠡᠭᠦᠯᠵᠦ᠂ ᠨᠡᠩ ᠥᠨᠳᠥᠷ ᠪᠦᠲᠦᠮᠵᠢᠲᠡᠢ᠂ ᠳᠥᠭᠦᠮ ᠳᠥᠲᠡ ᠦᠢᠯᠡᠴᠢᠯᠡᠭᠡ ᠪᠠᠷ ᠠᠮᠤᠷ ᠠᠮᠤᠭᠤᠯᠠᠩ ᠬᠠᠶᠢᠷᠤᠪ ᠤᠨ ᠲᠤᠬᠤᠢ ᠶᠢ ᠪᠠᠶᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃
640 (2).jpg   
    ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠤ ᠸᠧᠨ ᠵᠧᠩ ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠲᠤ ᠫᠠᠶᠢᠰᠠ ᠰᠡᠬᠦᠪᠡ᠃
640.png   
    ᠫᠠᠶᠢᠰᠠ ᠰᠡᠬᠦᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠨ ᠬᠠᠮᠢᠶ᠎ᠠ ᠪᠦᠬᠦᠢ ᠤᠳᠤᠷᠢᠳᠤᠯᠭ᠎ᠠ ᠠᠵᠢᠯᠲᠠᠨ ᠢ ᠳᠠᠭᠠᠵᠤ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠵᠢᠯᠣᠭᠤᠳᠬᠤ ᠲᠥᠪ ᠤᠨ ᠭᠤᠤᠯ ᠴᠢᠳᠠᠮᠵᠢᠲᠤ ᠣᠷᠣᠨ ᠤ ᠪᠦᠲᠦᠭᠡᠨ ᠪᠠᠶᠢᠭᠤᠯᠤᠯᠲᠠ ᠶᠢ ᠲᠣᠭᠤᠷᠢᠨ ᠦᠵᠡᠭᠰᠡᠨ ᠪᠥᠭᠡᠳ ᠲᠤᠬᠠᠶ ᠶᠢᠨ ᠲᠠᠯᠠᠪᠠᠢ ᠳᠤ ︽ᠬᠠᠶᠢᠷᠣᠪ ᠤᠨ ᠲᠤᠬᠤᠢ ᠲᠤᠭᠤᠷᠢᠭ ᠤᠨ e ᠭᠡᠷ︾᠎ ᠤᠨ ᠮᠡᠳᠡᠭᠡ ᠵᠠᠩᠭᠢᠴᠢᠯᠠᠯᠲᠠ ᠶᠢᠨ ᠲᠠᠪᠴᠠᠩ ᠤᠨ ᠠᠵᠢᠯᠯᠠᠭᠠᠨ ᠤ ᠪᠠᠶᠢᠳᠠᠯ ᠢ ᠲᠣᠭᠤᠷᠢᠨ ᠦᠵᠡᠪᠡ᠃    ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠵᠢᠤᠸᠠᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠤ ᠸᠧᠨ ᠵᠧᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠬᠠᠨ ᠵᠢᠶᠠᠨ ᠬᠤᠸᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠵᠢᠴᠢ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠢᠴᠢ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠤᠨ ᠪᠥᠬᠦ ᠠᠵᠢᠯᠲᠠᠨ ᠵᠢᠴᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠰᠢᠭᠦᠬᠦ ᠬᠤᠷᠢᠶ᠎ᠠ᠂ ᠲᠣᠭᠤᠷᠢᠭ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ 20 ᠭᠠᠷᠤᠶ ᠣᠷᠣᠵᠤ ᠰᠠᠭᠤᠭᠰᠠᠨ ᠨᠢᠭᠡᠴᠡ ᠶᠢᠨ ᠠᠵᠢᠯᠲᠠᠨ ᠶᠣᠰᠣᠯᠠᠯ ᠳᠤ ᠣᠷᠣᠯᠴᠠᠵᠠᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号