ᠴᠣᠪᠣᠷᠠᠯ ᠎ ᠢᠶᠠᠨ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2025/2/27
    ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠤᠶᠢᠯᠡᠳᠤᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠥᠪᠰᠢᠶᠡᠷᠡᠯ ᠤᠨ ᠦᠨᠡᠮᠯᠡᠯ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠢᠭᠡᠳ ᠦᠬᠠᠶ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠤᠶᠢᠯᠡᠰ ᠤᠨ ᠬᠥᠭᠵᠢᠯᠲᠡ ᠶᠢᠨ ᠲᠥᠪ ᠢᠳᠡᠪᠬᠢᠲᠡᠶ ᠵᠣᠬᠢᠴᠠᠭᠤᠯᠤᠨ ᠨᠡᠪᠲᠡᠷᠡᠯᠴᠡᠵᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠴᠤᠪᠤᠷᠠᠯ ᠢ ᠳᠥᠭᠦᠮᠴᠢᠯᠡᠬᠦ ᠶᠢᠨ ᠬᠠᠮᠲᠤ ᠡᠯ᠎ᠡ 1 ᠠᠵᠢᠯᠲᠠᠨ ᠢ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠲᠤ ᠲᠣᠮᠢᠯᠠᠨ ᠰᠠᠭᠤᠯᠭᠠᠵᠤ᠂ ᠪᠣᠬᠢᠷ ᠤᠰᠤ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠭᠡᠬᠦ ᠶᠠᠪᠤᠴᠠ ᠶᠢ ᠪᠥᠬᠦ ᠲᠠᠯ᠎ᠠ ᠪᠠᠷ ᠰᠢᠯᠢᠳᠡᠭᠵᠢᠭᠦᠯᠬᠦ ᠪᠠᠷ ᠴᠢᠷᠮᠠᠶᠢᠵᠤ᠂ ᠠᠵᠤ ᠠᠬᠤᠶᠢᠯᠠᠯ ᠬᠢᠭᠡᠳ ᠪᠣᠬᠢᠷᠲᠤᠯ ᠭᠠᠳᠠᠭᠰᠢᠯᠠᠭᠤᠯᠬᠤ ᠨᠢᠭᠡᠴᠡ ᠳᠤ ᠥᠨᠳᠥᠷ ᠪᠦᠲᠦᠮᠵᠢᠲᠡᠶ ᠳᠥᠭᠦᠮ ᠳᠥᠲᠡ ︽ᠨᠢᠭᠡ ᠥᠷᠲᠡᠭᠡᠨ ᠤ ᠮᠠᠶ᠋ᠢᠭ︾᠎ ᠤᠨ ᠤᠶᠢᠯᠡᠴᠢᠯᠡᠭᠡᠨ ᠤ ᠲᠦᠷᠭᠡᠨ ᠵᠠᠮ ᠢ ᠳᠡᠪᠢᠰᠪᠡ᠃
640 (1).png   
    ᠥᠩᠭᠡᠷᠡᠭᠰᠡᠨ ᠳᠤ᠂ ᠪᠣᠬᠢᠷ ᠤᠰᠤ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠶᠠᠪᠤᠴᠠ ᠨᠢ ᠶᠠᠷᠰᠢᠭ ᠲᠦᠪᠡᠭᠲᠡᠶ ᠨᠠᠷᠢᠨ ᠪᠤᠳᠤᠯᠢᠶᠠᠨᠲᠠᠶ ᠪᠠᠶᠢᠵᠤ᠂ ᠣᠯᠠᠨ ᠭᠤᠭᠴᠤᠭ᠎ᠠ ᠳᠤ ᠬᠤᠯᠪᠣᠭᠳᠠᠨ᠎ᠠ᠂ ᠠᠵᠤ ᠠᠬᠤᠶᠢᠯᠠᠯ ᠤᠳ ᠶᠡᠭᠡ ᠬᠡᠮᠵᠢᠶᠡᠨ ᠤ ᠮᠠᠲ᠋ᠧᠷᠢᠶᠠᠯ ᠲᠤᠰᠢᠶᠠᠬᠤ ᠴᠢᠬᠤᠯᠠᠲᠠᠶ᠂ ᠪᠦᠬᠦ᠋ᠢᠯᠡ ᠭᠦᠢᠴᠡᠳᠬᠡᠬᠦ ᠦᠶᠡᠯᠡᠯ ᠤᠨ ᠬᠤᠭᠤᠴᠠᠭ᠎ᠠ ᠨᠢ ᠤᠷᠲᠤ ᠪᠠᠶᠢᠵᠤ᠂ ᠠᠵᠤ ᠠᠬᠤᠶᠢᠯᠠᠯ ᠤᠨ ᠶᠡᠭᠡ ᠬᠡᠮᠵᠢᠶᠡᠨ ᠤ ᠴᠠᠭ ᠪᠠ ᠣᠶᠤᠨ ᠴᠢᠳᠠᠯ ᠢ ᠵᠠᠷᠤᠴᠠᠭᠤᠯᠵᠠᠶ᠃ ᠥᠨᠥᠳᠥᠷ᠂ ᠡᠨᠡ ᠨᠢᠭᠡ ᠪᠠᠢᠳᠠᠯ ᠦᠨᠳᠦᠰᠦᠨ ᠴᠢᠨᠠᠷᠲᠠᠢ ᠬᠤᠪᠢᠷᠠᠯᠲᠠ ᠲᠠᠢ ᠪᠣᠯᠵᠠᠢ᠃ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ︽ᠶᠡᠭᠡ ᠶᠢ ᠨᠢ ᠠᠳᠬᠤᠵᠤ ᠪᠠᠭ᠎ᠠ ᠶᠢ ᠨᠢ ᠲᠠᠯᠪᠢᠬᠤ︾ ᠵᠠᠷᠴᠢᠮ ᠢ ᠵᠢᠷᠤᠮᠯᠠᠨ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠪᠦᠬᠦ ᠲᠠᠯ᠎ᠠ ᠪᠠᠷ ᠴᠣᠮᠬᠠᠳᠬᠠᠬᠤ ᠪᠠ ᠡᠮᠬᠢᠯᠡᠨ ᠨᠡᠶᠢᠯᠡᠭᠦᠯᠵᠦ᠂ ᠴᠢᠬᠤᠯᠠ ᠪᠤᠰᠤ ᠳᠠᠪᠬᠤᠷᠳᠠᠭᠤᠯᠤᠨ  ᠲᠤᠰᠢᠶᠠᠬᠤ ᠠᠭᠤᠯᠭ᠎ᠠ ᠶᠢ ᠬᠠᠰᠤᠬᠤ ᠶᠢᠨ ᠬᠠᠮᠲᠤ ᠤᠤᠯ ᠤᠨ ᠶᠠᠷᠰᠢᠭ ᠲᠦᠪᠡᠭᠲᠡᠶ ᠬᠡᠯᠬᠢᠶ᠎ᠡ ᠬᠢᠨᠠᠨ ᠵᠥᠪᠰᠢᠶᠡᠷᠡᠬᠦ ᠵᠠᠭᠪᠤᠷ ᠢ ᠨᠡᠶᠢᠯᠡᠭᠦᠯᠦᠨ ᠬᠢᠨᠠᠨ ᠵᠥᠪᠰᠢᠶᠡᠷᠡᠬᠦ ᠪᠣᠯᠭᠠᠨ ᠬᠤᠪᠢᠷᠠᠭᠤᠯᠵᠤ᠂ ᠡᠯ᠎ᠡ ᠰᠠᠯᠠᠭ᠎ᠠ ᠮᠥᠴᠢᠷ ᠬᠠᠮᠵᠢᠯᠴᠠᠨ ᠠᠵᠢᠯᠯᠠᠵᠤ᠂ ᠭᠦᠢᠴᠡᠳᠭᠡᠬᠦ ᠦᠶᠡᠯᠡᠯ ᠤᠨ ᠬᠤᠭᠤᠴᠠᠭ᠎ᠠ ᠶᠢ ᠶᠡᠬᠡᠪᠡᠷ ᠪᠣᠭᠤᠨᠢᠰᠬᠠᠪᠠ᠃ ᠤᠳᠤ᠂ ᠠᠵᠤ ᠠᠬᠤᠶᠢᠯᠠᠯ ᠵᠥᠪᠬᠡᠨ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠠᠪᠴᠤ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ᠂ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠲᠠᠮᠠᠭ᠎ᠠ ᠳᠠᠷᠤᠬᠤ ᠵᠢᠴᠢ ᠦᠨᠡᠮᠯᠡᠯ ᠠᠪᠬᠤ ᠵᠡᠷᠭᠡ ᠪᠦᠬᠦ ᠶᠠᠪᠤᠴᠠ ᠶᠢ ᠨᠢᠭᠡ ᠯᠡ ᠤᠳᠠᠭ᠎ᠠ ᠳᠤ ᠪᠡᠶᠡᠯᠡᠭᠦᠯᠵᠦ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠠᠵᠤ ᠠᠬᠤᠶᠢᠯᠠᠯ ᠢ ᠳᠤᠲᠠᠭᠤ ᠭᠦᠶᠦᠯᠭᠡᠬᠦ︾ ᠥᠨᠳᠥᠷ ᠪᠦᠲᠦᠮᠵᠢᠲᠡᠢ ︽ᠨᠢᠭᠡ ᠦᠷᠳᠡᠭᠡᠴᠢᠯᠡᠭᠰᠡᠨ︾ ᠦᠢᠯᠡᠴᠢᠯᠡᠭᠡ ᠶᠢ ᠦᠨᠡᠨᠬᠦ ᠪᠡᠶᠡᠯᠡᠭᠦᠯᠪᠡ᠃
640 (2).png   
    ᠪᠣᠬᠢᠷ ᠤᠰᠤ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠭᠡᠬᠦ ᠦᠢᠯᠡᠴᠢᠯᠡᠭᠡ ᠶᠢ ᠰᠢᠯᠢᠳᠡᠭᠵᠢᠭᠦᠯᠬᠦ ᠪᠣᠯ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠢᠳᠡᠪᠬᠢᠲᠡᠢ ᠦᠢᠯᠡᠳᠦᠯᠭᠡᠵᠢᠭᠦᠯᠬᠦ᠂ ᠠᠵᠤ ᠠᠬᠤᠢ ᠨᠡᠶᠢᠭᠡᠮ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠶᠢᠨ ᠴᠢᠬᠤᠯᠠ ᠢᠯᠡᠷᠡᠯ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠦᠷᠭᠦᠯᠵᠢᠯᠡᠨ ᠬᠦᠴᠦᠯᠡᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠰᠢᠨᠡᠴᠢᠯᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠥᠷᠭᠡᠨ ᠤᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠡ ᠳᠤ ᠨᠡᠩ ᠳᠥᠭᠦᠮ ᠳᠥᠲᠡ᠂ ᠥᠨᠳᠥᠷ ᠪᠦᠲᠦᠮᠵᠢᠲᠡᠢ᠂ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠲᠤᠪᠠᠷ ᠰᠠᠬᠢᠨ ᠬᠠᠮᠠᠭᠠᠯᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠤ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃   
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号