ᠣᠶᠢᠷ᠎ᠠ ᠶᠢᠨ ᠵᠢᠯ ᠤᠨ ᠲᠤᠷᠰᠢᠬᠢ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢᠨ ᠠᠬᠢᠴᠠ ᠳᠤᠮᠳᠠ᠂ | ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ | ᠨᠡᠶᠢᠭᠡᠮ ᠤᠨ ᠲᠣᠭᠲᠠᠭᠤᠨ ᠬᠢᠭᠡᠳ ᠠᠵᠤ ᠠᠬᠤᠢ ᠶᠢᠨ ᠬᠥᠭᠵᠢᠯᠲᠡ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠲᠤ | ᠰᠠᠬᠢᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠰᠢᠨ᠎ᠡ ᠠᠷᠭ᠎ᠠ ᠵᠠᠮ ᠢ ᠲᠠᠰᠤᠷᠠᠯᠲᠠ ᠦᠭᠡᠢ ᠬᠠᠶᠢᠨ | ᠰᠦᠪᠡᠭᠴᠢᠯᠡᠬᠦ ᠪᠠᠤᠶᠢᠯᠡᠳᠤᠯᠭᠡᠵᠢᠭᠦᠯᠪᠡ᠃ ︽ᠳᠥᠷᠪᠡᠨ ᠴᠢᠬᠤᠯᠠ ᠶᠡᠭᠡ︾ ︵ᠲᠤᠬᠠᠶᠢᠯᠠᠪᠠᠯ ᠴᠢᠬᠤᠯᠠ ᠶᠡᠭᠡ | ᠲᠥᠷᠥ ᠶᠢᠨ ᠪᠣᠳᠣᠯᠭ᠎ᠠ᠂ ᠴᠢᠬᠤᠯᠠ ᠶᠡᠭᠡ ᠲᠥᠷᠥᠯ ᠵᠤᠶᠢᠯ᠂ ᠴᠢᠬᠤᠯᠠ ᠶᠡᠭᠡ ᠠᠵᠢᠯᠯᠠᠭ᠎ᠠ᠂ ᠴᠢᠬᠤᠯᠠ ᠶᠡᠭᠡ | ᠥᠭᠡᠷᠡᠴᠢᠯᠡᠯᠲᠡ︶ ᠶᠢᠨ ᠲᠣᠭᠤᠷᠢᠨ ᠳᠤ ᠴᠢᠬᠤᠯᠠ ᠶᠡᠭᠡ ᠵᠤᠶᠢᠯᠡᠰ ᠤᠨ ᠨᠡᠶᠢᠭᠡᠮ ᠤᠨ ᠲᠣᠭᠲᠠᠭᠤᠨ ᠤ ᠠᠶᠤᠯ | ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠠᠶᠢᠷᠤᠪ ᠤᠨ ᠲᠣᠬᠤᠶ | ᠲᠣᠭᠤᠷᠢᠭ ︽ᠰᠠᠨᠠᠭᠠᠴᠢᠯᠠᠭᠠᠲᠤ ᠪᠤᠰᠤ ᠲᠣᠭᠲᠠᠭᠤᠨ ᠢ ᠬᠠᠮᠠᠭᠠᠯᠠᠬᠤ︾ ᠠᠴᠠ ︽ᠰᠠᠨᠠᠭᠠᠴᠢᠯᠠᠭ᠎ᠠᠡᠴᠠ ᠪᠠᠨ | ᠲᠣᠭᠲᠠᠭᠤᠨ ᠪᠠᠶᠢᠳᠠᠯ ᠢ ᠬᠠᠮᠠᠭᠠᠯᠠᠬᠤ︾ ᠬᠦᠷᠲᠡᠯᠡᠬᠢ ᠬᠡᠭᠡᠨᠴᠢᠷ ᠪᠠᠶᠢᠳᠠᠯ ᠢ ᠠᠮᠵᠢᠯᠲᠠᠲᠠᠶ ᠪᠡᠶᠡᠯᠡᠭᠦᠯᠵᠦ᠂ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ | ᠨᠢᠳᠤᠨᠤᠨ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠲᠣᠭᠲᠠᠭᠤᠨ ᠢᠶᠠᠷ ᠦᠨᠡᠯᠡᠬᠦ ᠠᠵᠢᠯ ᠤᠨ | ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠲᠣᠭᠲᠠᠭᠤᠨ | ᠦᠨᠡᠯᠡᠯᠲᠡ ᠶᠢ 41 ᠬᠤᠪᠢ ᠥᠷᠨᠢᠭᠦᠯᠵᠦ᠂ ︽ᠠᠳᠤᠭᠤᠨ ᠪᠦᠯᠦᠭ ᠤᠨ ᠶᠡᠭᠡ ᠬᠤᠷᠠᠯ︾᠂ ︽ᠠᠷᠠᠳ ᠤᠨ | ᠳᠠᠭᠤᠤ ᠶᠢᠨ ᠶᠡᠭᠡ ᠬᠤᠷᠠᠯ︾᠂ ᠴᠠᠭᠠᠨ ᠰᠠᠷ᠎ᠠ ᠶᠢᠨ ᠥᠯᠵᠡᠶᠢᠲᠦ ᠡᠳᠦᠷ ᠤᠨ ᠪᠠᠶᠠᠷ ᠵᠡᠷᠭᠡ ᠴᠢᠬᠤᠯᠠ ᠶᠡᠭᠡ | ᠠᠵᠢᠯᠯᠠᠭ᠎ᠠ ᠶᠢ ᠬᠠᠮᠤᠷᠴᠠᠢ᠃ ᠡᠳᠡᠭᠡᠷ ᠲᠣᠭᠲᠠᠭᠤᠨ ᠦᠨᠡᠯᠡᠯᠲᠡ ᠶᠢᠨ ᠠᠵᠢᠯ ᠢ ᠲᠡᠭᠦᠰ ᠠᠮᠵᠢᠯᠲᠠ ᠲᠠᠢ | ᠪᠡᠶᠡᠯᠡᠭᠦᠯᠦᠭᠰᠡᠨ ᠨᠢ ᠡᠯ᠎ᠡ ᠵᠦᠢᠯ ᠤᠨ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠭᠰᠠᠨ ᠢᠶᠠᠷ | ᠪᠠᠷᠠᠬᠤ ᠥᠬᠡᠶ᠂ ᠲᠣᠭᠲᠠᠭᠤᠨ ᠪᠠᠶᠢᠳᠠᠯ ᠳᠤ ᠬᠤᠯᠪᠣᠭᠳᠠᠬᠤ ᠬᠡᠮ ᠰᠣᠭᠤᠭ ᠢ ᠡᠬᠢ ᠡᠭᠦᠰᠦᠯ ᠠᠴᠠ ᠨᠢ ᠰᠡᠷᠭᠡᠶᠢᠯᠡᠨ | ᠪᠠᠭᠠᠰᠬᠠᠵᠤ᠂ ᠬᠠᠶᠢᠷᠤᠪ ᠤᠨ ᠲᠣᠬᠤᠶ ᠲᠣᠭᠤᠷᠢᠭ ᠤᠨ ᠨᠡᠶᠢᠭᠡᠮ ᠤᠨ ᠲᠣᠭᠲᠠᠭᠤᠨ ᠡᠶ᠎ᠡ ᠵᠣᠬᠢᠴᠠᠯ ᠳᠤ ᠬᠦᠴᠦᠷᠬᠡᠭ | ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ | ᠲᠣᠭᠲᠠᠭᠤᠨ ᠦᠨᠡᠯᠡᠯᠲᠡ ᠶᠢᠨ ᠲᠦᠷᠢᠮ ᠤᠨ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠠᠬᠢᠭᠤᠯᠬᠤ ᠶᠢᠨ | ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠲᠣᠭᠲᠠᠭᠤᠨ ᠦᠨᠡᠯᠡᠯᠲᠡ ᠶᠢᠨ ᠠᠵᠢᠯ ᠢ ᠨᠠᠮ ᠤᠨ ᠬᠤᠷᠢᠶᠠᠨ ᠤ | ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠣᠷᠣᠭᠤᠯᠬᠤ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠠᠵᠢᠯ ᠵᠢᠴᠢ ᠠᠮᠤᠷ ᠲᠦᠪᠰᠢᠨ ᠤ ᠪᠠᠶᠢᠭᠤᠯᠤᠯᠲᠠ ᠶᠢᠨ | ᠠᠵᠢᠯ ᠤᠨ ᠬᠢᠨᠠᠨ ᠰᠢᠯᠭᠠᠯᠲᠠ ᠶᠢᠨ ᠴᠢᠬᠤᠯᠠ ᠠᠭᠤᠯᠭ᠎ᠠ ᠳᠤ ᠣᠷᠣᠭᠤᠯᠪᠠ᠃ ᠡᠨᠡ ᠬᠦ ᠠᠷᠭ᠎ᠠ ᠬᠡᠮᠵᠢᠶ᠎ᠡ ᠨᠢ | ᠬᠠᠶᠢᠷᠤᠪ ᠤᠨ ᠲᠣᠬᠤᠢ ᠲᠣᠭᠤᠷᠢᠭ ᠤᠨ ᠲᠣᠭᠲᠠᠭᠤᠨ ᠦᠨᠡᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠬᠤ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠳᠦᠷᠢᠮ ᠤᠨ | ᠨᠠᠶᠢᠳᠠᠪᠤᠷᠢᠵᠢᠭᠤᠯᠤᠯᠲᠠ ᠶᠢ ᠲᠣᠭᠲᠠᠭᠤᠨ ᠪᠠᠶᠢᠯᠭᠠᠬᠤ ᠳᠤ ᠪᠠᠲᠤ ᠪᠠᠬᠢ ᠳᠦᠷᠢᠮ ᠤᠨ ᠪᠠᠲᠤᠯᠠᠭ᠎ᠠ ᠬᠠᠩᠭᠠᠭᠰᠠᠨ | ᠪᠠᠶᠢᠨ᠎ᠠ᠃ ᠡᠭᠦᠨ ᠤ ᠬᠠᠮᠲᠤ᠂ ᠬᠠᠶᠢᠷᠤᠪ ᠤᠨ ᠲᠤᠬᠤᠢ ᠲᠣᠭᠤᠷᠢᠭ ᠪᠠᠰᠠ ᠰᠢᠭᠦᠬᠦ ᠲᠤᠰᠢᠶᠠᠯᠲᠠᠨ᠂ ᠪᠠᠶᠢᠴᠠᠭᠠᠬᠤ | ᠲᠤᠰᠢᠶᠠᠯᠲᠠᠨ᠂ ᠴᠠᠭᠳᠠᠭ᠎ᠠ᠂ ᠬᠠᠤᠯᠢᠴᠢ ᠵᠡᠷᠭᠡ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠭᠤᠣᠯᠯᠠᠭᠴᠢ | ᠬᠦᠴᠦᠨ ᠢᠶᠠᠷ ᠪᠦᠷᠢᠯᠳᠦᠭᠰᠡᠨ ᠲᠡᠷᠢᠭᠦᠨ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ | ᠪᠦᠯᠬᠦᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠳᠡᠨ ᠢ ︽ᠲᠦᠷᠪᠡᠨ ᠴᠢᠬᠤᠯᠠ ᠶᠡᠭᠡ︾ ᠶᠢᠨ | ᠲᠣᠭᠲᠠᠭᠤᠨ ᠢᠶᠠᠷ ᠦᠨᠡᠯᠡᠬᠦ ᠠᠵᠢᠯ ᠳᠤ ᠪᠠᠶᠢᠩᠭᠤᠵᠢᠭᠤᠯᠤᠨ ᠣᠷᠣᠯᠴᠠᠭᠤᠯᠵᠤ᠂ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠶᠢ ᠨᠡᠶᠢᠲᠡᠯᠡᠬᠦ ᠳᠤ ᠰᠢᠨᠵᠢᠯᠡᠬᠦ ᠤᠬᠠᠭᠠᠨᠴᠢ᠂ ᠲᠤᠰᠬᠠᠢ ᠮᠡᠷᠭᠡᠵᠢᠯ ᠤᠨ ᠠᠶᠤᠯ ᠲᠦᠭᠰᠢᠭᠦᠷᠢ ᠶᠢ ᠦᠨᠡᠯᠡᠨ | ᠵᠢᠱᠢᠵᠦ᠂ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠪᠣᠯᠤᠨ ᠲᠣᠭᠲᠠᠪᠤᠷᠢᠲᠤ ᠴᠢᠨᠠᠷ ᠢ | ᠪᠠᠲᠤᠯᠠᠪᠠ᠃ | ᠲᠣᠭᠲᠠᠭᠤᠨ ᠦᠨᠡᠯᠡᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠲᠠᠯ᠎ᠠ ᠪᠠᠷ᠂ ᠬᠠᠶᠢᠷᠤᠪ ᠤᠨ ᠲᠣᠬᠤᠢ | ᠲᠣᠭᠤᠷᠢᠭ ᠪᠠᠰᠠ ᠢᠯᠡᠳᠲᠡ ᠠᠬᠢᠴᠠ ᠲᠠᠢ ᠪᠣᠯᠪᠠ᠃ ᠥᠩᠭᠡᠷᠡᠭᠰᠡᠨ ᠤ ᠠᠵᠢᠯ ᠤᠨ ᠲᠤᠷᠰᠢᠯᠭ᠎ᠠ ᠪᠠᠨ ᠪᠦᠬᠦ | ᠲᠠᠯ᠎ᠠ ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ︽ᠭᠤᠤᠯᠳᠠᠯᠭ᠎ᠠ ᠲᠠᠢ ᠦᠨᠡᠯᠡᠨ | ᠵᠢᠱᠢᠬᠦ ᠶᠢ ᠲᠤᠰᠬᠠᠶᠢᠵᠢᠭᠤᠯᠬᠤ᠂ ᠡᠩ ᠤᠨ ᠦᠨᠡᠯᠡᠨ ᠵᠢᠱᠢᠬᠦ ᠶᠢ ᠳᠥᠭᠦᠮᠴᠢᠯᠡᠬᠦ︾ ᠱᠠᠭᠠᠷᠳᠠᠯᠭ᠎ᠠ ᠶᠣᠰᠣᠭᠠᠷ᠂ | ᠦᠨᠡᠯᠡᠬᠦ ᠶᠠᠪᠤᠴᠠ ᠪᠠ ᠦᠨᠡᠯᠡᠨ ᠵᠢᠱᠢᠵᠦ ᠬᠢᠨᠠᠨ ᠪᠠᠶᠢᠴᠠᠭᠠᠬᠤ ᠱᠠᠭᠠᠷᠳᠠᠯᠭ᠎ᠠ ᠶᠢ ᠤᠯᠠᠮ ᠨᠢᠭᠡ ᠠᠯᠬᠤᠮ | ᠲᠣᠳᠣᠷᠬᠠᠶᠢᠯᠠᠪᠠ᠃ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ︽ᠬᠠᠤᠯᠢ ᠶᠣᠰᠣᠴᠢ ᠴᠢᠨᠠᠷ᠂ ᠵᠦᠶ ᠶᠣᠰᠣᠴᠢ | ᠴᠢᠨᠠᠷ᠂ ᠪᠣᠯᠤᠮᠵᠢᠲᠤ ᠴᠢᠨᠠᠷ᠂ ᠡᠵᠡᠮᠳᠡᠵᠦ ᠪᠣᠯᠬᠤ ᠴᠢᠨᠠᠷ︾ ᠵᠢᠴᠢ ᠲᠥᠰᠦᠯ ᠢ ᠲᠣᠭᠲᠠᠭᠠᠬᠤ᠂ ᠠᠷᠠᠳ ᠤᠨ | ᠰᠠᠨᠠᠭ᠎ᠠ ᠶᠢ ᠪᠠᠶᠢᠴᠠᠭᠠᠬᠤ᠂ ᠲᠦᠭᠰᠢᠭᠦᠷᠢ ᠶᠢ ᠲᠥᠰᠦᠭᠡᠯᠡᠬᠦ᠂ ᠦᠨᠡᠯᠡᠨ ᠵᠢᠱᠢᠭᠰᠡᠨ ᠳ᠋ᠦᠩᠨᠡᠯᠲᠡ᠂ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ︽ᠲᠠᠪᠤᠨ ᠭᠤᠭᠴᠤᠭ᠎ᠠ︾ ᠶᠢᠨ ᠲᠣᠭᠤᠷᠢᠨ ᠳᠤ᠂ ᠬᠠᠶᠢᠷᠤᠪ ᠤᠨ | ᠲᠤᠬᠤᠢ ᠲᠣᠭᠤᠷᠢᠭ ᠤᠨ ᠬᠢᠨ ︽ᠬᠤᠶᠠᠷ ᠲᠥᠯᠥᠭᠡᠯᠡᠭᠴᠢ ᠨᠢᠭᠡ ᠵᠥᠪᠯᠡᠯ︾᠂ ᠲᠣᠰᠬᠤᠨ ᠨᠡᠶᠢᠭᠡᠮ ᠤᠨ ᠺᠠᠳ᠋ᠷ᠂ | ᠠᠵᠢᠯ ᠲᠦᠷᠦᠯ ᠤᠨ ᠲᠤᠰᠬᠠᠢ ᠮᠡᠷᠭᠡᠵᠢᠯᠲᠡᠨ ᠪᠣᠯᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠲᠦᠷᠦᠭᠦᠦ ᠬᠠᠤᠯᠢ | ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ ᠰᠠᠨᠠᠯ ᠢ ᠭᠦᠢᠴᠡᠳ ᠬᠤᠷᠢᠶᠠᠵᠤ᠂ ᠲᠣᠭᠲᠠᠭᠤᠨ ᠢᠶᠠᠷ | ᠦᠨᠡᠯᠡᠬᠦ ᠲᠡᠰ ᠳᠠᠷᠠᠭᠠᠯᠠᠯ ᠤᠨ ᠠᠷᠠᠳᠴᠢᠯᠠᠭᠰᠠᠨ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠣᠯᠤᠨ ᠵᠢᠷᠤᠮᠵᠢᠯᠳᠤ | ᠴᠢᠨᠠᠷ ᠢ ᠪᠠᠲᠤᠯᠠᠪᠠ᠃ | ᠲᠣᠭᠲᠠᠭᠤᠨ ᠦᠨᠡᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢᠨ ᠲᠠᠯ᠎ᠠ ᠪᠠᠷ᠂ ᠬᠠᠶᠢᠷᠤᠪ ᠤᠨ ᠲᠤᠬᠤᠢ | ᠲᠣᠭᠤᠷᠢᠭ ᠨᠡᠩ ᠴᠤ ᠬᠦᠴᠦ ᠣᠷᠣᠭᠤᠯᠵᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠡᠮᠦᠨ᠎ᠡ ᠦᠵᠦᠭᠦᠷ ᠤᠨ | ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠬᠤᠶᠢᠰᠢᠳᠠ ᠶᠢᠨ ᠦᠵᠦᠭᠦᠷ ᠤᠨ ᠠᠶᠤᠯ ᠲᠦᠭᠰᠢᠭᠦᠷᠢ ᠶᠢ | ᠬᠢᠨᠠᠨ ᠬᠡᠮᠵᠢᠬᠦ ᠪᠠ ᠠᠶᠤᠯ ᠲᠦᠭᠰᠢᠭᠦᠷᠢ ᠶᠢ ᠬᠠᠮᠢᠶᠠᠷᠬᠤ ᠵᠡᠷᠭᠡ ᠭᠤᠭᠴᠤᠭ᠎ᠠ ᠶᠢ ᠣᠷᠭᠠᠨᠢᠭ ᠢᠶᠠᠷ | ᠤᠶᠠᠯᠳᠤᠭᠤᠯᠬᠤ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ ᠳᠤᠮᠳᠠ᠂ ᠠᠶᠤᠯ ᠲᠦᠭᠰᠢᠭᠦᠷᠢ ᠶᠡᠬᠡᠲᠡᠢ ᠪᠤᠶᠤ | ᠬᠡᠷᠡᠭᠵᠢᠭᠦᠯᠬᠦ ᠨᠥᠬᠦᠴᠡᠯ ᠦᠭᠡᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠴᠢᠩᠭ᠎ᠠ ᠠᠩᠬᠠᠷᠴᠤ᠂ | ᠲᠣᠭᠲᠠᠭᠤᠨ ᠢᠶᠠᠷ ᠦᠨᠡᠯᠡᠬᠦ ᠠᠵᠢᠯ ᠤᠨ ᠳᠤᠮᠳᠠ ᠢᠯᠡᠷᠡᠭᠦᠯᠦᠭᠰᠡᠨ ᠲᠣᠭᠲᠠᠭᠤᠨ ᠳᠤ ᠬᠤᠯᠪᠣᠭᠳᠠᠭᠰᠠᠨ ᠲᠤᠪᠤᠶᠢᠮ᠎ᠠ | ᠬᠡᠮ ᠰᠣᠭᠤᠭ ᠢ ᠲᠤᠰ ᠱᠠᠲᠤᠨ ᠤ ︽ᠬᠦᠨᠳᠦ ᠶᠡᠭᠡ ᠲᠣᠭᠲᠠᠭᠤᠨ ᠪᠤᠰᠤ ᠨᠠᠷᠢᠨ ᠲᠠᠩᠰᠠ ᠶᠢᠨ ᠲᠠᠩᠰᠠ︾ ᠳᠤ | ᠣᠷᠣᠭᠤᠯᠤᠨ ᠬᠢᠨᠠᠨ ᠡᠵᠡᠮᠳᠡᠨ᠎ᠡ᠃ ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠪᠥᠬᠦ ᠶᠠᠪᠤᠴᠠ ᠶᠢ ᠱᠠᠯᠠᠪᠳᠠᠭᠤᠯᠤᠨ | ᠠᠶᠤᠯ ᠲᠦᠭᠰᠢᠭᠦᠷᠢ ᠶᠢ ᠮᠥᠷᠳᠡᠨ ᠠᠷᠢᠯᠭᠠᠬᠤ ᠪᠠᠷ ᠳᠠᠮᠵᠢᠭᠤᠯᠤᠨ᠂ ᠬᠠᠶᠢᠷᠤᠪ ᠤᠨ ᠲᠣᠬᠤᠶ ᠲᠣᠭᠤᠷᠢᠭ ᠤᠨ | ᠴᠢᠬᠤᠯᠠ ᠶᠡᠭᠡ ᠰᠢᠢᠤᠡᠪᠤᠷᠢᠳᠤ ᠪᠣᠳᠣᠯᠭ᠎ᠠ ᠶᠢᠨ ᠵᠤᠶᠢᠯᠡᠰ ᠤᠨ ︽ᠦᠨᠡᠯᠡᠬᠦ ᠶᠣᠰᠣᠲᠠᠶ ᠶᠢ ᠨᠢ ᠴᠥᠮ ᠦᠨᠡᠯᠡᠬᠦ︾ | ᠪᠠ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠪᠠ᠃ ᠡᠨᠡ ᠬᠦ ᠠᠷᠭ᠎ᠠ ᠬᠡᠮᠵᠢᠶ᠎ᠡ ᠨᠢ ᠲᠣᠭᠲᠠᠭᠤᠨ | ᠦᠨᠡᠯᠡᠯᠲᠡ ᠶᠢᠨ ᠠᠵᠢᠯ ᠤᠨ ᠬᠡᠪᠴᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ | ᠨᠡᠮᠡᠭᠳᠡᠭᠦᠯᠬᠦ ᠶᠢ ᠬᠦᠴᠦᠲᠡᠶ ᠠᠬᠢᠭᠤᠯᠤᠭᠰᠠᠨ ᠢᠶᠠᠷ ᠪᠠᠷᠠᠬᠤ ᠥᠬᠡᠶ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢᠨ | ᠬᠢᠷᠢ ᠲᠦᠪᠰᠢᠨ ᠤ ᠤᠯᠠᠮ ᠨᠢᠭᠡ ᠠᠯᠬᠤᠮ ᠳᠡᠭᠡᠭᠰᠢᠯᠡᠬᠦ ᠶᠢ ᠨᠠᠩ ᠬᠦᠴᠦᠲᠡᠶ ᠠᠬᠢᠭᠤᠯᠤᠭᠰᠠᠨ ᠪᠠᠶᠢᠨ᠎ᠠ᠃ | ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠣᠭᠲᠠᠭᠤᠨ ᠢᠶᠠᠷ ᠦᠨᠡᠯᠡᠬᠦ ᠠᠵᠢᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠰᠢᠰᠲ᠋ᠧᠮ ᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ ᠨᠡᠶᠢᠭᠡᠮ ᠤᠨ ᠲᠣᠭᠲᠠᠭᠤᠨ | ᠪᠠᠶᠢᠳᠠᠯ ᠪᠣᠯᠤᠨ ᠠᠵᠤ ᠠᠬᠤᠢ ᠶᠢᠨ ᠬᠥᠭᠵᠢᠯᠲᠡ ᠶᠢ ᠵᠡᠷᠭᠡ ᠪᠠᠷ ᠴᠢᠬᠤᠯᠠᠴᠢᠯᠠᠬᠤ ᠵᠠᠷᠴᠢᠮ ᠢ ᠦᠷᠭᠦᠯᠵᠢᠯᠡᠨ | ᠪᠠᠷᠢᠮᠲᠠᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠰᠢᠨ᠎ᠡ ᠠᠷᠭ᠎ᠠ ᠵᠠᠮ ᠢ ᠲᠠᠰᠤᠷᠠᠯᠲᠠ ᠦᠭᠡᠢ | ᠰᠦᠪᠡᠭᠴᠢᠯᠡᠨ ᠦᠢᠯᠡᠳᠦᠯᠭᠡᠵᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠨᠡᠩ ᠪᠠᠲᠤ ᠪᠠᠬᠢ ᠪᠠᠲᠤᠯᠠᠭ᠎ᠠ ᠬᠠᠩᠭᠠᠨ᠎ᠠ︔ ᠡᠭᠦᠨ ᠤ ᠬᠠᠮᠲᠤ᠂ ᠪᠤᠰᠤᠳ ᠭᠠᠵᠠᠷ | ᠣᠷᠣᠨ ᠯᠤᠭ᠎ᠠ ᠶᠢᠨ ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠣᠭᠲᠠᠭᠤᠨ ᠢᠶᠠᠷ ᠦᠨᠡᠯᠡᠬᠦ | ᠠᠵᠢᠯ ᠤᠨ ᠲᠤᠷᠰᠢᠯᠭ᠎ᠠ ᠪᠣᠯᠤᠨ ᠦᠷ᠎ᠡ ᠪᠦᠲᠦᠭᠡᠯ ᠢ ᠬᠠᠮᠲᠤᠪᠠᠷ ᠡᠳ᠋ᠯᠡᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ | ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠤᠯᠠᠨ ᠤᠶᠤᠨ ᠤᠬᠠᠭᠠᠨ ᠪᠠ | ᠬᠦᠴᠦᠨ ᠴᠢᠳᠠᠯ ᠢᠶᠠᠨ ᠡᠷᠭᠦᠨ᠎ᠡ᠃ | |