2025᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠤᠨ᠎ᠡ
ᠨᠡᠶᠢᠲᠡᠯᠡᠭᠰᠡᠨ ᠴᠠᠭ᠄
2025/2/4
    ᠠᠷᠠᠳ ᠤᠨ ᠠᠮᠢᠳᠤᠷᠠᠯ ᠪᠣᠯ ᠠᠷᠠᠳ ᠲᠦᠮᠡᠨ ᠤ ᠵᠣᠯ ᠵᠢᠷᠭᠠᠯ ᠤᠨ ᠰᠠᠭᠤᠷᠢ᠂ ᠨᠡᠶᠢᠭᠡᠮ ᠤᠨ ᠡᠶ᠎ᠡ ᠵᠣᠬᠢᠴᠠᠯ ᠤᠨ ᠦᠨᠳᠦᠰᠦ ᠪᠣᠯᠤᠨ᠎ᠠ᠃ ︽ᠵᠠᠩᠭᠢᠯᠠᠭ᠎ᠠ ᠶᠢᠨ ᠪᠠᠭ᠎ᠠ ᠶᠠᠪᠤᠳᠠᠯ︾᠎ ᠢ ᠰᠠᠶᠢᠲᠤᠷ ᠭᠦᠢᠴᠡᠳᠬᠡᠪᠡᠯ ᠰᠠᠶ᠋ᠢ ︽ᠠᠷᠠᠳ ᠤᠨ ᠠᠮᠢᠳᠤᠷᠠᠯ ᠤᠨ ᠶᠡᠭᠡ ᠶᠠᠪᠤᠳᠠᠯ︾᠎ ᠢ ᠪᠦᠲᠦᠭᠡᠵᠦ ᠴᠢᠳᠠᠨ᠎ᠠ᠃ 2025 ᠣᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠤᠯᠠᠨ ᠲᠦᠮᠡᠨ ᠳᠤ ᠴᠢᠨᠠᠷ ᠰᠠᠶᠢᠲᠠᠢ ᠠᠮᠢᠳᠤᠷᠠᠯ ᠢ ᠴᠢᠷᠮᠠᠶᠢᠨ ᠡᠭᠦᠳᠴᠦ᠂  ︽ᠠᠷᠠᠳ ᠲᠤ ᠠᠰᠢᠭ ᠬᠦᠷᠲᠡᠭᠡᠬᠦ ᠬᠠᠷᠢᠭᠤᠯᠲᠠ ᠶᠢᠨ ᠬᠠᠭᠤᠳᠠᠰᠤ︾᠎ ᠶᠢ ᠰᠠᠶᠢᠲᠤᠷ ᠪᠢᠴᠢᠭᠯᠡᠬᠦ ᠪᠣᠯᠤᠨ᠎ᠠ᠃
640.png   
    ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ︽ᠬᠡᠷ ᠤᠨ ᠡᠭᠦᠳᠡ︾᠎ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠪᠠ ᠡᠮᠦᠨᠡᠲᠦ ᠤᠮᠠᠷᠠᠲᠤ ᠶᠢᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠪᠠ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠤᠨ᠎ᠠ᠃ ᠦᠨᠳᠦᠰᠦᠨ ᠨᠠᠰᠤᠵᠢᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ ᠪᠠᠲᠤᠳᠬᠠᠨ ᠳᠡᠭᠡᠭᠰᠢᠯᠡᠭᠦᠯᠦᠨ᠎ᠡ᠃ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠬᠡᠮᠵᠢᠵᠦ᠂ ᠬᠦᠴᠢᠷᠳᠡᠯᠲᠡᠶ ᠣᠯᠠᠨ ᠲᠦᠮᠡᠨ ᠢ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠨ᠎ᠠ᠃ ᠪᠥᠬᠦ ᠤᠯᠤᠰ ᠤᠨ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠣᠨᠴᠠᠭᠠᠶ ᠬᠦᠴᠢᠷᠳᠡᠯᠲᠡᠶ ᠬᠥᠮᠦᠰ ᠲᠤ 6 ᠶᠡᠭᠡ ᠲᠥᠷᠥᠯ᠂ 24 ᠵᠦᠢᠯ ᠤᠨ ᠨᠠᠷᠢᠯᠢᠭ ᠣᠨᠣᠴᠠᠲᠠᠶ ᠦᠢᠯᠡᠴᠢᠯᠡᠭᠡ ᠬᠠᠩᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠲᠥᠪ ᠲᠣᠭᠤᠭᠠᠨ ᠬᠡᠷ᠂ 15 ᠬᠤᠭᠤᠯᠠᠯᠠᠬᠤ ᠴᠡᠭ ᠢ ᠰᠢᠨ᠎ᠡ ᠪᠠᠷ ᠨᠡᠮᠡᠭᠳᠡᠭᠦᠯᠦᠨ᠂ 7 ᠵᠢᠵᠢᠭ ᠲᠣᠭᠤᠷᠢᠭ ᠤᠨ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠶᠢ ᠠᠬᠢᠭᠤᠯᠵᠤ᠂ ᠴᠢᠳᠠᠪᠤᠷᠢ ᠪᠠᠨ ᠠᠯᠳᠠᠵᠤ ᠣᠶᠤᠨ ᠤᠬᠠᠭᠠᠨ ᠢᠶᠠᠨ ᠠᠯᠳᠠᠭᠰᠠᠨ᠂ ᠬᠦᠨᠳᠦ ᠡᠪᠡᠳᠴᠢᠨ ᠲᠠᠢ ᠵᠡᠮᠳᠡᠭ ᠵᠡᠷᠭᠡ ᠶᠢᠰᠦᠨ ᠲᠥᠷᠥᠯ ᠤᠨ ᠨᠠᠰᠤᠲᠠᠨ ᠢ ᠭᠤᠤᠯᠳᠠᠯᠭ᠎ᠠ ᠲᠠᠢ ᠠᠩᠬᠠᠷᠴᠤ᠂ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ︽ᠳᠠᠭᠠᠷᠠᠭᠰᠠᠨ ᠬᠥᠮᠦᠨ ᠳᠤ ᠳᠠᠬᠤ ᠬᠦᠷᠭᠡᠬᠦ︾ ᠠᠵᠢᠯ ᠢ ᠢᠯᠡᠭᠦᠬᠡᠨ ᠬᠢᠨ᠎ᠡ︔ ᠲᠤᠰᠬᠠᠶᠢᠵᠢᠭᠰᠠᠨ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠵᠣᠷᠢᠭᠵᠢᠭᠤᠯᠵᠤ᠂ ᠣᠷᠣᠨ ᠲᠤᠭ᠎ᠠ ᠶᠢᠨ ᠲᠤᠭ᠎ᠠ ᠶᠢ 1700᠎ ᠳᠤ ᠬᠦᠷᠦᠭᠦᠯᠬᠦ ᠪᠠᠷ ᠴᠢᠷᠮᠠᠶᠢᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠬᠦᠴᠦᠯᠡᠨ ᠪᠠᠲᠤ ᠰᠠᠬᠢᠨ᠎ᠠ᠃
640 (1).png   
    ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠪᠠᠶᠢᠳᠠᠯ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠠᠷᠪᠠᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠰᠣᠷᠣᠭᠴᠢ ᠡᠯᠰᠡᠵᠦ᠂ ᠪᠡᠭᠡᠵᠢᠩ ᠤᠨ ᠳ᠋ᠦᠩ ᠴᠧᠩ ᠲᠣᠭᠤᠷᠢᠭ ᠲᠠᠢ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠥᠨᠳᠥᠷ ᠡᠬᠢᠯᠡᠯᠲᠡ ᠲᠠᠢ ᠰᠤᠷᠭᠠᠭᠤᠯᠢ ᠶᠢ ᠪᠣᠶ ᠪᠣᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ︽ᠭᠤᠷᠪᠠᠨ ᠡᠩᠨᠡᠭᠡ︾᠎ ᠶᠢᠨ ᠪᠠᠶᠢᠭᠤᠯᠤᠯᠲᠠ ᠶᠢ ᠲᠦᠷᠭᠡᠳᠬᠡᠵᠦ᠂ 68 ᠳᠡᠭᠡᠳᠦ ᠲᠠᠰ ᠳᠠᠪᠬᠤᠷᠭ᠎ᠠ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠳᠠᠳᠤᠯᠭ᠎ᠠ ᠬᠢᠬᠦ᠂ ᠠᠵᠢᠯ ᠣᠯᠭᠤᠯᠲᠠ ᠶᠢ ᠨᠢᠭᠡ ᠴᠤᠭᠴᠠᠵᠢᠭᠤᠯᠬᠤ ᠠᠷᠭ᠎ᠠ ᠵᠠᠮ ᠢ ᠨᠡᠪᠲᠡᠷᠡᠭᠦᠯᠦᠨ᠂ 10 ᠨᠠᠷᠠᠲᠤ ᠪᠠᠭᠰᠢ ᠶᠢᠨ ᠠᠵᠢᠯᠯᠠᠬᠤ ᠲᠠᠰᠤᠭ ᠢ ᠪᠠᠶᠢᠭᠤᠯᠤᠨ᠎ᠠ᠃ ᠬᠡᠦᠬᠡᠳ ᠤᠨ ᠴᠡᠴᠡᠷᠯᠢᠭ ᠢ ᠳᠡᠭᠡᠭᠰᠢᠯᠡᠭᠦᠯᠦᠨ ᠥᠭᠡᠷᠡᠴᠢᠯᠡᠬᠦ ᠠᠵᠢᠯ ᠢ ᠪᠦᠬᠦ ᠲᠠᠯ᠎ᠠ ᠪᠠᠷ ᠬᠢᠵᠦ᠂ ᠠᠷᠪᠠᠨ  ᠵᠢᠷᠭᠤᠳᠤᠭᠠᠷ ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠵᠤ᠂ ᠪᠦᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠣᠷᠣᠨ ᠢ ᠴᠢᠷᠮᠠᠶᠢᠨ ᠪᠠᠶᠢᠭᠤᠯᠤᠨ᠎ᠠ᠃
640 (2).png    
    ᠠᠷᠠᠳ ᠣᠯᠠᠨ ᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠪᠡᠭᠡᠵᠢᠩ ᠤᠨ ᠭᠤᠸᠠᠩ ᠠᠨ ᠮᠧᠨ ᠡᠮᠨᠡᠯᠭᠡ ᠶᠢᠨ ᠬᠤᠷᠢᠶ᠎ᠠ᠂ ᠭᠦ᠋ ᠯᠧᠦ ᠬᠢᠲᠠᠳ ᠡᠮᠨᠡᠯᠭᠡ ᠶᠢᠨ ᠬᠤᠷᠢᠶ᠎ᠠ ᠵᠡᠷᠭᠡ ᠨᠡᠷᠡᠲᠦ ᠡᠮᠴᠢᠯᠡᠭᠡᠨ ᠤ ᠪᠠᠶᠢᠭᠤᠯᠤᠮᠵᠢ ᠯᠤᠭ᠎ᠠ ᠶᠢᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠲᠤᠷᠠᠯᠴᠠᠬᠤ ᠶᠢ ᠭᠦᠨᠵᠡᠭᠡᠶᠢᠷᠡᠭᠦᠯᠵᠦ᠂ ︽ᠬᠤᠣᠰ ᠵᠠᠭᠤᠨ ᠨᠡᠷᠡᠲᠦ ᠡᠮᠴᠢ︾᠎ ᠶᠢᠨ ᠢᠨᠵᠧᠨᠧᠷᠢᠩ ᠢ ᠠᠬᠢᠭᠤᠯᠵᠤ᠂ ᠨᠡᠷᠡᠲᠦ ᠲᠤᠰᠬᠠᠶ ᠮᠡᠷᠭᠡᠵᠢᠯᠲᠡᠨ ᠢ ᠤᠷᠢᠵᠤ ᠮᠠᠨ ᠤ ᠲᠤᠭᠤᠷᠢᠭ ᠳᠤ ᠣᠴᠢᠭᠤᠯᠤᠨ ᠣᠨᠣᠰᠢᠯᠠᠨ ᠡᠮᠨᠡᠬᠦ ᠦᠢᠯᠡᠴᠢᠯᠡᠭᠡ ᠥᠷᠨᠢᠭᠦᠯᠦᠨ᠎ᠡ᠃ ︽ᠡᠪᠡᠳᠴᠢᠯᠡᠬᠦ ᠠᠴᠠ ᠡᠮᠦᠨ᠎ᠡ ᠵᠠᠰᠠᠬᠤ︾ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠥᠪ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠭᠤᠷᠪᠠᠨ ᠥᠨᠳᠥᠷ ᠵᠢᠷᠭᠤᠭᠠᠨ ᠡᠪᠡᠳᠴᠢᠨ ᠨᠢᠭᠡ ᠤᠳᠠᠭᠠᠨ︾ ᠬᠠᠮᠢᠶᠠᠷᠤᠯᠲᠠ ᠶᠢ ᠴᠢᠩᠭᠠᠳᠬᠠᠨ᠂ ᠡᠪᠡᠳᠴᠢᠨ ᠡᠮᠭᠡᠭ ᠢ ᠰᠡᠷᠭᠡᠶᠢᠯᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠹᠧᠩ ᠬᠤᠸᠠᠩ ᠯᠢᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠣᠯᠭᠠᠨ ᠲᠠᠰ ᠳᠡᠪᠰᠢᠭᠦᠯᠵᠦ᠂ ᠠᠩᠬᠠᠳᠠᠭᠴᠢ ᠣᠳᠣᠬᠢᠴᠢᠯᠠᠭᠰᠠᠨ ᠬᠢᠲᠠᠳ ᠡᠮᠨᠡᠯᠭᠡ ᠶᠢᠨ ᠰᠣᠶᠣᠯ ᠤᠨ ᠣᠷᠳᠣᠨ ᠢ ᠡᠭᠦᠳᠦᠨ  ᠪᠠᠶᠢᠭᠤᠯᠤᠨ᠎ᠠ︔ ᠭᠡᠷ ᠪᠦᠯᠢ ᠶᠢᠨ ᠡᠮᠴᠢ ᠶᠢᠨ 50 ᠦᠢᠯᠡᠴᠢᠯᠡᠭᠡᠨ ᠤ ᠪᠦᠯᠬᠦᠮ ᠢ 172 ᠪᠣᠯᠭᠠᠨ ᠥᠷᠭᠡᠳᠬᠡᠬᠦ ᠪᠠᠷ ᠴᠢᠷᠮᠠᠶᠢᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠭᠡᠷ ᠪᠦᠯᠢ ᠶᠢᠨ ᠡᠪᠡᠳᠴᠢᠲᠡᠨ ᠤ ᠣᠷᠣ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃
640 (3).png   
    ᠰᠤᠶᠤᠯ ᠲᠠᠮᠢᠷ ᠤᠨ ᠦᠢᠯᠡᠰ ᠢ ᠬᠠᠮᠲᠤ ᠪᠠᠷ ᠬᠦᠭᠵᠢᠭᠦᠯᠤᠨ᠎ᠡ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠠᠶᠢᠷᠤᠪ ᠤᠨ ᠲᠤᠬᠤᠢ ᠶᠢᠨ ᠦᠯᠢᠭᠡᠷ ᠢ ᠠᠭᠤᠳᠠᠯᠵᠤ᠂ ᠠᠬᠠᠮᠠᠳ ᠨᠢᠭᠡ ᠪᠦᠯᠦᠭ ᠬᠠᠶᠢᠷᠤᠪ ᠤᠨ ᠲᠤᠬᠤᠢ ᠶᠢᠨ ᠬᠥᠮᠦᠰ ᠤᠨ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠲᠡᠰᠪᠦᠷᠢ ᠬᠠᠲᠠᠭᠤᠵᠢᠯᠲᠠᠶ ᠪᠠᠷ ᠠᠳᠠᠯ ᠦᠢᠯᠡᠰ ᠴᠣᠭᠴᠠᠯᠠᠬᠤ ᠳᠠᠭᠤᠤ ᠪᠥᠵᠢᠭ᠂ ᠱᠤᠭ ᠵᠦᠴᠦᠭᠡ ᠵᠡᠷᠭᠡ ᠵᠦᠴᠦᠭᠡ ᠶᠢ ᠵᠣᠬᠢᠶᠠᠨ ᠪᠦᠲᠦᠭᠡᠨ᠎ᠡ︔ ᠤᠯᠠᠭᠠᠨᠮᠥ᠋ᠴᠢᠷ ᠢ ᠦᠨᠳᠦᠰᠦᠨ ᠱᠠᠲᠤᠨ ᠳᠤ ᠣᠷᠣᠭᠤᠯᠬᠤ ᠶᠢ ᠪᠠᠶᠢᠩᠭᠤᠵᠢᠭᠤᠯᠤᠨ ᠥᠷᠨᠢᠭᠦᠯᠵᠦ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢ ᠠᠬᠢᠭᠤᠯᠤᠨ᠎ᠠ᠃ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠲᠠᠯᠠᠪᠤᠷ ᠤᠨ ᠴᠢᠳᠠᠪᠬᠢ ᠶᠢ ᠴᠢᠨᠠᠭᠰᠢᠳᠠ ᠳᠡᠭᠡᠭᠰᠢᠯᠡᠭᠦᠯᠵᠦ᠂ ᠦᠢᠯᠡᠴᠢᠯᠡᠭᠡᠨ ᠤ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠴᠠᠭᠠᠨ ᠰᠠᠷ᠎ᠠ ᠶᠢᠨ ᠬᠠᠮᠲᠤᠷᠠᠭᠰᠠᠨ ᠦᠳᠡᠰᠢᠯᠡᠭᠡ᠂ ᠬᠤᠳᠠ ᠶᠢᠨ ᠬᠠᠨᠳᠤᠯᠭ᠎ᠠ ᠳᠤ ᠤᠷᠤᠯᠳᠤᠭᠠᠨ ᠵᠡᠷᠭᠡ ᠤᠨᠴᠠᠯᠢᠬᠳᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠬᠦᠴᠦᠯᠡᠨ ᠰᠠᠶᠢᠲᠤᠷ ᠡᠷᠬᠢᠯᠡᠵᠦ᠂ ᠤᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠤᠨ ᠰᠢᠨ᠎ᠡ ᠬᠡᠷᠡᠭᠴᠡᠭᠡ ᠶᠢ ᠬᠠᠩᠭᠠᠨ᠎ᠠ᠃     ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡ ᠨᠢᠭᠡ ᠪᠠᠷ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠪᠡ ᠁ ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠷᠭᠦᠯᠵᠢᠯᠡᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠰᠢᠯᠢᠳᠡᠭ ᠦᠢᠯᠡᠴᠢᠯᠡᠭᠡ ᠪᠠᠷ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠦ᠂ ᠨᠡᠩ ᠭᠦᠨ ᠵᠤᠵᠠᠭᠠᠨ ᠭᠡᠷᠡᠯ ᠭᠢᠯᠪᠠᠭ᠎ᠠ ᠲᠠᠢ᠂ ᠭᠦᠨ ᠵᠤᠵᠠᠭᠠᠨ ᠳᠤᠯᠠᠭᠠᠬᠠᠨ ︽ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ︾᠎ ᠶᠢ ᠪᠢᠴᠢᠭᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠣᠳᠣᠬᠢᠴᠢᠯᠠᠭᠰᠠᠨ ᠬᠤᠳᠠ ᠶᠢᠨ ᠲᠣᠭᠤᠷᠢᠭ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ ᠵᠣᠯ ᠵᠢᠷᠭᠠᠯ ᠢ ᠬᠠᠶᠢᠷᠤᠪ ᠤᠨ ᠲᠤᠬᠤᠢ ᠲᠣᠭᠤᠷᠢᠭ ᠤᠨ ᠬᠠᠮᠤᠭ ᠤᠨ ᠬᠠᠯᠠᠭᠤᠨ ᠳᠤᠯᠠᠭᠠᠨ ᠰᠠᠭᠤᠷᠢ ᠦᠩᠬᠡ ᠪᠣᠯᠭᠠᠨ᠎ᠠ᠃       
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号