2025᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠮᠤᠷ ᠲᠦᠪᠰᠢᠨ ᠤ ᠰᠠᠭᠤᠷᠢ ᠪᠠᠨ ᠪᠠᠳᠤᠤᠡᠬᠠᠨ᠎ᠠ
ᠨᠡᠶᠢᠲᠡᠯᠡᠭᠰᠡᠨ ᠴᠠᠭ᠄
2025/2/5
    2025 ᠣᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠬᠤ︾᠎ ᠪᠠᠷ ᠣᠶᠢᠯᠠᠭᠠᠭᠳᠠᠬᠤᠨ ᠪᠣᠯᠭᠠᠵᠤ᠂ ᠬᠤᠷᠢᠭ᠎ᠠ ᠱᠤᠭᠤᠮ ᠢ ᠰᠠᠬᠢᠬᠤ᠂ ᠭᠡᠮ ᠰᠣᠭᠤᠭ ᠢ ᠠᠷᠢᠯᠭᠠᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠠᠵᠢᠯ ᠤᠨ ᠰᠠᠭᠤᠷᠢ ᠶᠢ ᠪᠠᠲᠤᠳᠬᠠᠨ᠎ᠠ᠃ ︽ᠨᠢᠭᠡ ᠭᠠᠵᠠᠷ ᠤᠨ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠤᠨ ᠠᠮᠤᠷ ᠲᠦᠪᠰᠢᠨ ᠢ ᠪᠠᠲᠤᠯᠠᠬᠤ︾ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠎ᠡ᠃
640.png   
    ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠷᠴᠢᠮ ᠢ ᠴᠢᠩᠭᠠᠷᠠᠭᠤᠯᠤᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠠᠯᠪᠠᠨ ᠤ ᠭᠤᠷᠪᠠᠨ︾ ᠵᠠᠷᠤᠳᠠᠯ ᠢ ᠪᠠᠭᠠᠰᠬᠠᠬᠤ ᠠᠴᠠ ᠪᠢᠰᠢ ᠨᠡᠮᠡᠭᠳᠡᠭᠦᠯᠬᠦ ᠦᠭᠡᠢ ᠪᠠᠶᠢᠵᠤ᠂ ᠡᠯ᠎ᠡ ᠲᠥᠷᠥᠯ ᠤᠨ ᠵᠠᠶᠢᠯᠠᠰᠢ ᠦᠭᠡᠢ ᠪᠤᠰᠤ ᠵᠠᠷᠤᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠭᠦᠢᠴᠡᠳ ᠬᠡᠷᠡᠭᠯᠡᠵᠦ᠂ ᠳᠡᠭᠡᠳᠦ ᠱᠠᠲᠤᠨ ᠤ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠣᠯᠵᠤ᠂ ᠡᠯ᠎ᠡ ᠲᠥᠷᠥᠯ ᠤᠨ ᠡᠳ᠋ ᠬᠥᠷᠥᠩᠭᠡ ᠶᠢ ᠠᠮᠢᠳᠤᠯᠢᠭ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠷᠣᠨ ᠨᠤᠲᠤᠭ ᠤᠨ ᠡᠳ᠋ ᠤᠨ ᠬᠦᠴᠦᠨ ᠢ ᠨᠡᠮᠡᠭᠳᠡᠭᠦᠯᠵᠦ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠬᠦᠴᠦᠯᠡᠨ ᠪᠠᠲᠤᠯᠠᠨ᠎ᠠ᠃
640 (1).png 
    ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠭᠤᠷᠬᠠᠢ᠂ ᠠᠶᠤᠯᠲᠠᠢ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠠᠵᠤ ᠠᠬᠤᠶᠢᠯᠠᠯ ᠤᠨ ᠤᠶᠤᠨᠴᠢᠯᠠᠭᠰᠠᠨ ᠪᠠᠶᠢᠭᠤᠯᠤᠯᠲᠠ ᠶᠢ ᠲᠦᠷᠭᠡᠳᠬᠡᠬᠦ ᠶᠢ ᠠᠬᠢᠭᠤᠯᠵᠤ᠂ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠲᠡᠰᠢ ᠬᠤᠪᠢᠷᠠᠭᠤᠯᠬᠤ ᠶᠢ ᠠᠬᠢᠭᠤᠯᠵᠤ᠂ ︽ᠶᠢᠰᠦᠨ ᠪᠠᠭ᠎ᠠ ᠲᠠᠯᠠᠪᠤᠷ︾᠎ ᠲᠤ ᠪᠦᠬᠦᠨ ᠢ ︽ᠤᠶᠤᠨᠲᠤ ᠭᠠᠯ ᠤᠨᠲᠠᠷᠠᠭᠠᠬᠤ︾ ᠬᠢᠨᠠᠨ ᠡᠵᠡᠮᠳᠡᠬᠦ ᠰᠢᠰᠲ᠋ᠧᠮ ᠤᠭᠰᠠᠷᠠᠬᠤ ᠶᠢ ᠠᠬᠢᠭᠤᠯᠵᠤ᠂ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ ᠪᠠ ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠵᠦ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃
640 (2).png   
    ᠨᠡᠶᠢᠭᠡᠮ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠬᠠᠮᠠᠭᠠᠯᠠᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠣᠯᠠᠨ ᠡᠰᠢᠲᠦ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠪᠦᠲᠦᠮᠵᠢᠲᠡᠶ ᠤᠷᠢᠳᠴᠢᠯᠠᠨ ᠰᠡᠷᠭᠡᠶᠢᠯᠡᠵᠦ ᠠᠷᠢᠯᠭᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠳᠠᠭᠠᠭᠠᠨ ᠠᠪᠴᠤ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠴᠢᠩᠭ᠎ᠠ ᠠᠳᠬᠤᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃
640 (3).png   
    ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠡᠷᠡᠰ ᠰᠠᠶᠢᠲᠤᠷ ᠰᠠᠬᠢᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠥᠩᠭᠦᠨ ᠭᠦᠢᠯᠭᠡᠭᠡ᠂ ᠭᠡᠷ ᠭᠠᠵᠠᠷ ᠤᠨ ᠬᠥᠷᠥᠩᠭᠡ ᠵᠡᠷᠭᠡ ᠰᠢᠰᠲ᠋ᠧᠮ ᠤᠨ ᠠᠶᠤᠯ ᠲᠦᠭᠰᠢᠭᠦᠷᠢ ᠶᠢ ᠬᠤᠷᠢᠭᠯᠠᠵᠤ᠂ ᠢᠳᠡᠭᠡᠨ᠂ ᠡᠮ ᠤᠨ ᠵᠦᠢᠯ᠂ ᠦᠢᠯᠡᠳᠬᠦᠨ ᠤ ᠶᠠᠰᠤ ᠴᠢᠨᠠᠷ ᠪᠣᠯᠤᠨ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃
640 (4).png   
    ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠤᠷᠢᠭ᠎ᠠ ᠱᠤᠭᠤᠮ ᠢ ᠰᠠᠬᠢᠬᠤ᠂ ᠭᠡᠮ ᠰᠣᠭᠤᠭ ᠢ ᠠᠷᠢᠯᠭᠠᠬᠤ᠂ ᠠᠮᠤᠷ ᠲᠦᠪᠰᠢᠨ ᠤ ᠠᠵᠢᠯ ᠤᠨ ᠰᠠᠭᠤᠷᠢ ᠶᠢ ᠪᠠᠬᠢᠵᠢᠭᠦᠯᠬᠦ ᠠᠶᠠᠨ ᠵᠠᠮ ᠳᠤ᠂ ᠢᠮᠠᠭᠲᠠ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠠᠯᠢ ᠤᠯᠠᠨ ᠯᠠᠪᠳᠠᠭᠤᠨ ᠪᠠᠲᠤᠲᠠᠢ ᠪᠦᠲᠦᠮᠵᠢᠲᠡᠢ ᠠᠷᠭ᠎ᠠ ᠬᠡᠮᠵᠢᠶ᠎ᠡ ᠪᠠᠷ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠳᠤ ᠲᠤᠤᠱᠠᠯᠠᠭᠤᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠨᠡᠩ ᠠᠮᠤᠷ ᠲᠦᠪᠰᠢᠨ᠂ ᠡᠶ᠎ᠡ ᠵᠣᠬᠢᠴᠠᠩᠭᠤᠢ᠂ ᠣᠳᠣᠬᠢᠴᠢᠯᠠᠭᠰᠠᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠬᠤ ᠶᠢ  ᠠᠬᠢᠭᠤᠯᠤᠨ᠎ᠠ ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号