ᠥᠪᠥᠷ ᠮᠣᠩᠭᠤᠯ ᠤᠨ ᠸᠠᠨ ᠰᠧ ᠲᠦᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠲᠥᠷᠥᠯ ᠵᠦᠢᠯ ᠢ ᠡᠨᠡ ᠵᠢᠯ ᠤᠨ 7 ᠳ᠋ᠤᠭᠠᠷ ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ
ᠨᠡᠶᠢᠲᠡᠯᠡᠭᠰᠡᠨ ᠴᠠᠭ᠄
2025/2/5
    ᠣᠶᠢᠷ᠎ᠠ ᠳᠤ᠂ ᠰᠤᠷᠪᠤᠯᠵᠢᠯᠠᠭᠴᠢ ᠦᠬᠠᠶ ᠶᠢᠨ ᠬᠠᠶᠢᠷᠤᠪ ᠤᠨ ᠲᠣᠬᠤᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠪᠠᠶᠢᠭ᠎ᠠ ᠥᠪᠥᠷ ᠮᠣᠩᠭᠤᠯ ᠤᠨ ᠸᠠᠨ ᠰᠧ ᠲᠦᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠳᠤ ᠬᠦᠷᠴᠦ᠂ ᠣᠳᠣᠬᠢᠴᠢᠯᠠᠭᠰᠠᠨ ᠦᠢᠯᠡᠳᠪᠦᠷᠢ ᠶᠢᠨ ᠭᠡᠷ ᠪᠠᠶᠢᠰᠢᠩ ᠨᠢ ᠡᠮᠬᠢ ᠵᠠᠮᠪᠠᠷᠠᠭ᠎ᠠ ᠲᠠᠢ᠂ ᠬᠠᠶᠠᠭᠳᠠᠮᠠᠯ ᠪᠣᠯᠣᠳ ᠤᠨ ᠦᠢᠯᠡᠳᠪᠦᠷᠢ ᠶᠢᠨ ᠲᠠᠰᠤᠭ ᠲᠤ ᠣᠷᠣᠵᠤ᠂ ᠯᠦᠩ ᠮᠧᠨ ᠬᠠᠶᠢᠴᠢᠯᠠᠮᠠᠯ᠂ ᠬᠠᠪᠲᠠᠭᠠᠶ ᠮᠠᠰᠢᠨ᠂ ᠪᠣᠯᠣᠳ ᠪᠠᠷᠢᠬᠤ ᠮᠠᠰᠢᠨ᠂ ᠴᠠᠬᠢᠯᠭᠠᠨ ᠰᠣᠷᠢᠨᠵᠢᠨ ᠡᠷᠭᠦᠭᠦᠷ ᠮᠠᠰᠢᠨ ᠵᠡᠷᠭᠡ ᠰᠣᠯᠪᠢᠴᠠᠨ ᠠᠵᠢᠯᠯᠠᠵᠤ᠂ ᠮᠧᠬᠠᠨᠢᠭ ᠬᠦᠩᠭᠢᠨᠡᠬᠦ ᠳᠠᠭᠤᠨ ᠪᠠ ᠲᠡᠮᠦᠷᠯᠢᠭ ᠮᠥᠷᠭᠦᠯᠳᠦᠬᠦ ᠳᠠᠭᠤᠨ ᠲᠠᠰᠤᠷᠠᠯᠲᠠ ᠦᠭᠡᠢ ᠰᠣᠨᠣᠰᠳᠠᠨ᠎ᠠ᠃
640.jpg   
    ᠥᠪᠥᠷ ᠮᠣᠩᠭᠤᠯ ᠤᠨ ᠸᠠᠨ ᠰᠧ ᠲᠦᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ ᠬᠢᠵᠠᠭᠠᠷᠲᠤ ᠺᠣᠮᠫᠠᠨᠢ 2022 ᠣᠨ ᠤ 3 ᠳ᠋ᠤᠭᠠᠷ ᠰᠠᠷ᠎ᠠ ᠳᠤ ᠪᠠᠶᠢᠭᠤᠯᠵᠤ᠂ ᠲᠡᠭᠦᠨ ᠤ ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ ᠲᠥᠷᠥᠯ ᠵᠦᠢᠯ ᠪᠠ ᠬᠠᠶᠠᠭᠳᠠᠮᠠᠯ ᠮᠠᠰᠢᠨ ᠲᠡᠷᠭᠡ ᠶᠢ ᠬᠤᠷᠢᠶᠠᠨ ᠠᠪᠴᠤ ᠵᠠᠳᠠᠯᠬᠤ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 3.7 ᠳ᠋ᠦᠩᠰᠢᠭᠤᠷ ᠲᠥᠭᠦᠷᠢᠭ ᠲᠤ ᠬᠦᠷᠴᠦ᠂ ᠪᠦᠲᠦᠭᠡᠨ ᠪᠠᠶᠢᠭᠤᠯᠬᠤ ᠠᠭᠤᠯᠭ᠎ᠠ ᠳᠤ ᠭᠤᠣᠯᠳᠠᠭᠤ ᠬᠠᠶᠠᠭᠳᠠᠮᠠᠯ ᠪᠣᠯᠣᠳ ᠤᠨ ᠦᠢᠯᠡᠳᠪᠦᠷᠢ ᠶᠢᠨ ᠲᠠᠰᠤᠭ᠂ ᠬᠠᠶᠠᠭᠳᠠᠮᠠᠯ ᠮᠠᠰᠢᠨ ᠲᠡᠷᠭᠡ ᠶᠢ ᠤᠷᠢᠳᠴᠢᠯᠠᠨ ᠰᠢᠢᠳᠪᠦᠷᠢᠯᠡᠬᠦ ᠦᠢᠯᠡᠳᠪᠦᠷᠢ ᠶᠢᠨ ᠲᠠᠰᠤᠭ᠂ ᠬᠠᠶᠠᠭᠳᠠᠮᠠᠯ ᠮᠠᠰᠢᠨ ᠲᠡᠷᠭᠡ ᠶᠢ ᠵᠠᠳᠠᠯᠤᠨ ᠰᠢᠢᠳᠪᠦᠷᠢᠯᠡᠬᠦ ᠦᠢᠯᠡᠳᠪᠦᠷᠢ ᠶᠢᠨ ᠲᠠᠰᠤᠭ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠵᠠᠳᠠᠯᠤᠨ ᠰᠢᠢᠳᠪᠦᠷᠢᠯᠡᠬᠦ ᠦᠢᠯᠡᠳᠪᠦᠷᠢ ᠶᠢᠨ ᠲᠠᠰᠤᠭ᠂ ᠰᠡᠯᠪᠢᠭ ᠲᠣᠨᠤᠭ ᠪᠣᠷᠣᠯᠠᠭᠤᠯᠬᠤ ᠦᠵᠡᠭᠦᠯᠦᠯᠭᠡ ᠶᠢᠨ ᠲᠢᠩᠬᠢᠮ᠂ ᠬᠥᠳᠡᠯᠭᠡᠬᠦ ᠬᠦᠴᠦᠨ ᠤ ᠴᠠᠬᠢᠯᠭᠠᠨ ᠬᠤᠷᠢᠶᠠᠭᠤᠷ ᠢ ᠪᠤᠴᠠᠭᠠᠨ ᠬᠠᠳᠠᠭᠠᠯᠠᠵᠤ ᠬᠠᠳᠠᠭᠠᠯᠠᠬᠤ ᠲᠣᠭᠤᠷᠢᠭ᠂ ᠠᠯᠪᠠᠨ ᠠᠰᠠᠷ ᠵᠡᠷᠭᠡ ᠶᠢ ᠪᠠᠭᠲᠠᠭᠠᠨ᠎ᠠ᠃ ᠬᠤᠶᠠᠷ ᠲᠥᠷᠥᠯ ᠵᠦᠢᠯ ᠢ ᠪᠦᠬᠦ ᠲᠠᠯ᠎ᠠ ᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠳᠤ 100 ᠲᠦᠮᠡᠨ ᠲᠣᠨ ᠬᠠᠶᠠᠭᠳᠠᠮᠠᠯ ᠪᠣᠯᠣᠳ ᠲᠡᠮᠦᠷ ᠢ ᠰᠢᠢᠳᠪᠦᠷᠢᠯᠡᠵᠦ᠂ ᠵᠢᠯ ᠳᠤ 10000 ᠮᠠᠰᠢᠨᠲᠤ ᠲᠡᠷᠭᠡ ᠶᠢ ᠬᠤᠷᠢᠶᠠᠨ ᠠᠪᠴᠤ ᠵᠠᠳᠠᠯᠬᠤ ᠪᠠᠷ ᠪᠠᠶᠢᠨ᠎ᠠ᠃ ᠣᠳᠣᠬᠠᠨ ᠳᠤ᠂ ᠬᠤᠶᠠᠷ ᠲᠥᠷᠥᠯ ᠵᠦᠢᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠨᠲᠡ ᠪᠦᠬᠦᠨ ᠢ ᠪᠡᠶᠡᠯᠡᠭᠦᠯᠵᠦ᠂ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠬᠤ ᠵᠡᠷᠭᠡ ᠠᠵᠢᠯ ᠢ ᠶᠠᠭ ᠬᠢᠵᠦ ᠪᠠᠶᠢᠨ᠎ᠠ᠃
640 (1).jpg   
    ᠥᠪᠥᠷ ᠮᠣᠩᠭᠤᠯ ᠤᠨ ᠸᠠᠨ ᠰᠧ ᠲᠦᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠢᠵᠠᠭᠠᠷᠲᠤ ᠺᠣᠮᠫᠠᠨᠢ ᠶᠢᠨ ᠲᠥᠷᠥᠯ ᠵᠤᠶᠢᠯ ᠤᠨ ᠬᠠᠷᠢᠭᠤᠴᠠᠯᠭᠠᠲᠠᠨ ᠵᠢᠶᠠ ᠫᠧᠩ ᠢᠦᠶ ᠬᠡᠯᠡᠭᠰᠡᠨ ᠨᠢ᠄ ︽ᠣᠳᠣᠬᠠᠨ ᠳᠤ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠲᠥᠷᠥᠯ ᠵᠦᠶ᠋ᠯ ᠨᠢᠭᠡᠨᠲᠡ ᠲᠤᠷᠰᠢᠨ ᠤᠶᠢᠯᠡᠤᠡᠪᠤᠷᠢᠯᠡᠬᠦ ᠨᠥᠬᠦᠴᠡᠯ ᠢ ᠪᠦᠷᠢᠯᠳᠦᠭᠦᠯᠵᠦ᠂ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠲᠥᠷᠥᠯ ᠵᠤᠶᠢᠯ ᠤᠨ ᠪᠠᠷᠢᠯᠭ᠎ᠠ ᠶᠢᠨ ᠬᠡᠮᠵᠢᠶ᠎ᠡ ᠶᠢ ᠨᠢᠭᠡᠨᠲᠡ 90% ᠶᠢ ᠳᠠᠪᠠᠵᠤ᠂ ᠶᠠᠭ ᠳᠣᠲᠣᠭᠠᠳᠤ ᠳᠠᠭᠠᠨ ᠵᠠᠰᠠᠵᠤ ᠴᠢᠮᠡᠭᠯᠡᠵᠦ ᠪᠠᠶᠢᠨ᠎ᠠ᠃ ᠲᠥᠯᠥᠪᠯᠡᠭᠡ ᠶᠣᠰᠣᠭᠠᠷ᠂ ᠬᠤᠶᠠᠷ ᠲᠥᠷᠥᠯ ᠵᠦᠢᠯ ᠢ 2025 ᠣᠨ ᠤ 7 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠪᠠᠷ ᠵᠢᠱᠢᠵᠦ ᠪᠠᠶᠢᠨ᠎ᠠ︾ ᠭᠡᠵᠦ ᠬᠡᠯᠡᠪᠡ᠃
640 (2).jpg   
    ᠨᠢᠭᠡᠨ ᠵᠢᠵᠢᠭ ᠬᠡᠯᠪᠡᠷᠢ ᠶᠢᠨ ᠬᠡᠷᠡᠭᠯᠡᠭᠡᠨ ᠠᠴᠠ ᠭᠠᠷᠤᠭᠰᠠᠨ ᠮᠠᠰᠢᠨ ᠲᠡᠷᠭᠡ ᠶᠢ ᠨᠠᠷᠢᠯᠢᠭᠵᠢᠭᠤᠯᠤᠨ ᠵᠠᠳᠠᠯᠬᠤ ᠶᠢᠨ ᠳᠠᠷᠠᠭ᠎ᠠ᠂ ᠠᠳᠠᠭ ᠲᠠᠭᠠᠨ 30 ᠭᠠᠷᠤᠶ ᠮᠢᠩᠭᠠᠨ ᠭᠷᠠᠮ᠂ 70 ᠭᠠᠷᠤᠶ ᠮᠢᠩᠭᠠᠨ ᠭᠷᠠᠮ᠂ ᠬᠠᠶᠠᠭᠳᠠᠮᠠᠯ ᠪᠣᠯᠣᠳ ᠲᠡᠮᠦᠷ ᠢ 700 ᠭᠠᠷᠤᠶ ᠺᠢᠯᠣᠭ᠍ᠷᠠᠮ ᠬᠤᠷᠢᠶᠠᠨ ᠠᠪᠴᠤ ᠪᠣᠯᠤᠨ᠎ᠠ︔ ᠬᠥᠳᠡᠯᠭᠡᠭᠦᠷ ᠮᠠᠰᠢᠨ ᠢ ᠨᠠᠷᠢᠯᠢᠭᠵᠢᠭᠤᠯᠤᠨ ᠵᠠᠳᠠᠯᠤᠭᠰᠠᠨ ᠤ ᠳᠠᠷᠠᠭ᠎ᠠ᠂ ᠬᠤᠷᠢᠶᠠᠨ ᠠᠪᠬᠤ ᠪᠣᠳᠠᠰ ᠤᠨ ᠮᠠᠲ᠋ᠧᠷᠢᠶᠠᠯ ᠢ 50 ᠰᠢᠬᠠᠮ ᠵᠦᠢᠯ ᠬᠤᠷᠢᠶᠠᠨ ᠠᠪᠴᠤ ᠪᠣᠯᠤᠨ᠎ᠠ᠃ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠨᠢ ᠦᠯᠡᠳᠡᠭᠡᠯ ᠶᠡᠭᠡ᠂ ᠡᠬᠢ ᠪᠠᠶᠠᠯᠢᠭ ᠤᠨ ᠦᠨ᠎ᠡ ᠬᠠᠩᠰᠢ ᠨᠢ ᠥᠨᠳᠥᠷ᠂ ᠰᠡᠯᠪᠢᠭ ᠲᠣᠨᠤᠭ ᠢ ᠳᠠᠬᠢᠨ ᠳᠠᠪᠲᠠᠨ ᠬᠡᠷᠡᠭᠯᠡᠵᠦ ᠪᠣᠯᠬᠤ ᠵᠡᠷᠭᠡ ᠣᠨᠴᠠᠯᠢᠭ ᠲᠠᠢ ᠪᠣᠯᠬᠤᠷ᠂ ᠮᠠᠰᠢ ᠰᠠᠶᠢᠨ ᠠᠵᠤ ᠠᠬᠤᠶ ᠶᠢᠨ ᠦᠨ᠎ᠡ ᠥᠷᠲᠡᠭ ᠲᠠᠢ ᠪᠠᠶᠢᠳᠠᠭ᠃
640 (3).jpg   
    ᠬᠠᠶᠠᠭᠳᠠᠮᠠᠯ ᠪᠣᠯᠣᠳ ᠲᠡᠮᠦᠷ ᠢ ᠡᠭᠡᠭᠦᠯᠦᠨ ᠬᠤᠷᠢᠶᠠᠬᠤ᠂ ᠬᠠᠶᠠᠭᠳᠠᠮᠠᠯ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠨᠢ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠪᠣᠯᠤᠭᠰᠠᠨ ᠤ ᠬᠤᠪᠢ ᠳᠤ᠂ ᠴᠥᠮ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠨᠢᠭᠡ ᠵᠦᠢᠯ ᠤᠨ ᠴᠢᠬᠤᠯᠠ ᠠᠷᠭ᠎ᠠ ᠵᠠᠮ ᠪᠣᠯᠤᠨ᠎ᠠ᠃ ᠲᠣᠰ ᠺᠣᠮᠫᠠᠨᠢ ᠶᠢᠨ ᠬᠤᠶᠠᠷ ᠲᠥᠷᠥᠯ ᠵᠦᠢᠯ ᠢ ᠪᠥᠬᠦ ᠲᠠᠯ᠎ᠠ ᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠦᠬᠠᠶ ᠬᠤᠲᠠ ᠶᠢᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂  ᠦᠬᠠᠶ ᠬᠤᠲᠠ ᠶᠢᠨ ᠣᠷᠴᠢᠯ ᠠᠵᠤ ᠠᠬᠤᠶ ᠶᠢ ᠬᠥᠭᠵᠢᠭᠦᠯᠬᠦ᠂ ᠠᠵᠤ ᠠᠬᠤᠶ ᠨᠡᠶᠢᠭᠡᠮ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号