ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ 147 ᠳ᠋ᠤᠭᠠᠷ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠳᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ | ᠭᠦᠸᠧ ᠢ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2035 ᠣᠨ ᠤ ᠴᠠᠭᠠᠨ ᠰᠠᠷ᠎ᠠ ᠶᠢᠨ ᠬᠠᠮᠲᠤ ᠶᠢᠨ | ᠵᠣᠯᠭᠠᠯᠲᠠ ᠳᠡᠭᠡᠷᠡᠬᠢ ᠶᠠᠷᠢᠶ᠎ᠠ᠂ ᠯᠢᠶᠣᠤᠨᠢᠩ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ᠂ | ᠨᠠᠮ ᠤᠨ ᠭᠠᠳᠠᠨᠠᠬᠢ ᠬᠥᠮᠦᠰ ᠲᠠᠢ ᠬᠠᠮᠲᠤ ᠪᠠᠷ ᠴᠠᠭᠠᠨ ᠰᠠᠷ᠎ᠠ ᠶᠢ ᠤᠭᠲᠤᠬᠤ ᠦᠶ᠎ᠡ ᠶᠢᠨ ᠴᠢᠬᠤᠯᠠ ᠶᠠᠷᠢᠶ᠎ᠠ᠂ ᠬᠢᠨᠠᠨ | ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ᠂ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ | ᠨᠡᠶᠢᠭᠡᠮᠯᠢᠭ ᠤᠨ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠥᠭᠭᠦᠭᠰᠡᠨ ᠵᠠᠬᠢᠳᠠᠯ᠂ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠤᠨ ᠵᠠᠯᠠᠭᠤᠴᠤᠳ ᠤᠨ | ᠤᠷᠠᠯᠢᠭ ᠤᠨ ᠠᠵᠢᠯᠲᠠᠳ ᠲᠤ ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ᠂ ︽ᠦᠨᠡᠨ︾ ᠰᠡᠳᠬᠦᠯ ᠤᠨ | 2025 ᠣᠨ ᠤ 2 ᠳ᠋ᠤᠭᠠᠷ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠳᠤᠮᠳᠠᠬᠢ ᠬᠡᠳᠦᠨ ᠴᠢᠬᠤᠯᠠ ᠶᠡᠭᠡ ᠤᠨᠤᠯ ᠪᠠ | ᠦᠢᠯᠡᠳᠦᠯᠭᠡ ᠶᠢᠨ ᠠᠰᠠᠭᠤᠳᠠᠯ︾᠂ ︽ᠭᠡᠷ ᠪᠦᠯᠢ ᠶᠢ ᠴᠢᠬᠤᠯᠠᠴᠢᠯᠠᠵᠤ᠂ ᠭᠡᠷ ᠤᠨ ᠰᠤᠷᠭᠠᠯ ᠢ ᠴᠢᠬᠤᠯᠠᠴᠢᠯᠠᠬᠤ︾᠂ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ | ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠪᠣᠯᠤᠨ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ | ᠰᠤᠷᠤᠯᠴᠠᠪᠠ︔ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠶᠢᠰᠦᠳᠦᠭᠡᠷ ᠬᠤᠭᠤᠴᠠᠭᠠᠨ ᠤ | ᠲᠠᠪᠤᠳᠤᠭᠠᠷ ᠪᠦᠬᠦᠳᠡ ᠬᠤᠷᠠᠯ ᠳᠡᠭᠡᠷᠡᠬᠢ ᠠᠵᠢᠯ ᠤᠨ ᠮᠡᠳᠡᠭᠦᠯᠦᠯᠲᠡ ︵ᠬᠦᠷᠭᠡᠨ ᠬᠢᠨᠠᠭᠤᠯᠬᠤ ᠨᠤᠤᠷᠠᠭ︶︾ ᠶᠢ | ᠬᠢᠨᠠᠨ ᠵᠥᠪᠯᠡᠵᠦ ᠪᠠᠲᠤᠯᠠᠭᠰᠠᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ | ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠭᠦᠸᠧ ᠢ ᠵᠢᠶᠧ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ | ᠯᠢᠶᠣᠤᠨᠢᠩ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ | ᠲᠡᠰ ᠳᠡᠪᠰᠢᠭᠦᠯᠬᠦ ᠶᠢ ᠨᠢᠭᠡᠳᠦᠯᠲᠡᠢ ᠲᠥᠯᠥᠪᠵᠢᠭᠦᠯᠬᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠪᠠ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠲᠦᠷᠭᠡᠨ ᠪᠠᠶᠢᠭᠤᠯᠬᠤ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠨᠵᠡᠭᠡᠢ ᠣᠶᠢᠯᠠᠭᠠᠵᠤ᠂ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ ᠶᠡᠭᠡ ᠬᠠᠨᠳᠤᠰᠢ ᠪᠠ ᠰᠢᠨ᠎ᠡ | ᠮᠠᠲ᠋ᠧᠷᠢᠶᠠᠯ ᠢ ᠲᠦᠷᠭᠡᠨ ᠪᠣᠯᠭᠠᠬᠤ ᠶᠢ ᠠᠬᠢᠭᠤᠯᠵᠤ᠂ ᠰᠢᠨ᠎ᠡ ᠮᠠᠲ᠋ᠧᠷᠢᠶᠠᠯ ᠦᠢᠯᠡᠳᠬᠦ ᠵᠡᠷᠭᠡ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠡᠷᠴᠢᠮ ᠢ ᠴᠢᠩᠭᠠᠷᠠᠭᠤᠯᠵᠤ᠂ ᠪᠦᠬᠦ ᠬᠦᠴᠦᠨ ᠢᠶᠠᠷ ᠢᠶᠠᠨ ᠠᠵᠤ ᠦᠢᠯᠡᠳᠪᠦᠷᠢ ᠶᠢᠨ ᠬᠡᠯᠪᠡᠷᠢ ᠶᠢ | ᠬᠤᠪᠢᠷᠠᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ︔ ᠬᠤᠳᠠ ᠶᠢᠨ ᠨᠠᠮ ᠤᠨ ᠬᠤᠷᠢᠶ᠎ᠠ᠂ | ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ | ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠭᠦᠢᠴᠡᠳ ᠰᠠᠶᠢᠲᠤᠷ ᠬᠢᠵᠦ᠂ ᠨᠠᠨ ᠼᠧ ᠸᠧᠨ ᠠᠺᠠᠳᠧᠮᠢᠴᠢ ᠶᠢᠨ | ᠠᠵᠢᠯ ᠤᠨ ᠦᠷᠳᠡᠭᠡ ᠶᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ | ᠵᠡᠷᠭᠡ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ | ᠬᠡᠷᠡᠭᠲᠡᠢ᠃ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ | ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠶᠢ ᠨᠡᠪᠳᠡᠷᠡᠳᠡᠯ᠎ᠡ ᠨᠡᠪᠲᠡᠷᠡᠭᠦᠯᠵᠦ᠂ ᠴᠢᠩᠭ᠎ᠠ ᠪᠠᠶᠢᠬᠤ ᠭᠤᠣᠯ ᠬᠦᠭ ᠠᠶᠠᠰ ᠢ ᠭᠤᠶᠢᠪᠢᠰᠢ ᠦᠭᠡᠢ | ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠡᠯ᠎ᠡ ᠬᠦᠷᠢᠶᠡᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠠᠬᠢᠯᠭ᠎ᠠ ᠪᠠᠲᠤ ᠶᠣᠰᠣ ᠲᠦᠷᠢᠮ ᠢ | ᠴᠢᠩᠭ᠎ᠠ ᠰᠠᠬᠢᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠭᠦᠢᠴᠡᠳᠬᠡᠵᠦ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ | ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠬᠤ ᠬᠡᠷᠡᠭᠲᠡᠢ︔ ᠢᠯᠵᠢᠷᠡᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ | ᠦᠷᠭᠦᠯᠵᠢᠯᠡᠨ ᠪᠠᠲᠤᠯᠠᠵᠤ᠂ ᠶᠣᠰᠣ ᠲᠦᠷᠢᠮ ᠤᠨ ᠤᠬᠠᠮᠰᠠᠷ ᠢ ᠪᠠᠲᠤ ᠪᠤᠢ ᠪᠣᠯᠭᠠᠵᠤ᠂ ᠠᠰᠢᠭ ᠲᠤᠰᠠ ᠶᠢᠨ | ᠰᠦᠯᠪᠡᠭᠡᠯᠡᠬᠦ᠂ ᠠᠵᠢᠯ ᠶᠠᠪᠤᠳᠠᠯ ᠬᠢᠬᠦ᠂ ᠤᠴᠢᠷ ᠶᠠᠪᠤᠳᠠᠯ ᠪᠦᠲᠦᠭᠡᠬᠦ ᠦᠭᠡᠢ ᠪᠠᠶᠢᠬᠤ ᠶᠢ ᠡᠷᠡᠰ ᠠᠷᠢᠯᠭᠠᠵᠤ᠂ | ᠬᠠᠶᠢᠷᠤᠪ ᠤᠨ ᠲᠤᠬᠤᠢ ᠲᠣᠭᠤᠷᠢᠭ ᠲᠤ ᠰᠤᠷᠲᠠᠯ ᠴᠢᠬᠡᠴᠢ ᠣᠪᠣᠷ ᠲᠥᠪ ᠪᠠᠶᠢᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠤ ᠬᠡᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |