ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠬᠤᠷᠠᠯᠳᠤᠪᠠ    ᠭᠦᠸᠧ ᠢ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2025/2/9
    2 ᠰᠠᠷ᠎ᠠ ᠶᠢᠨ 8᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
640.jpg
       ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠤᠤ ᠳ᠋ᠧᠩ ᠴᠧᠩ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠧ ᠳ᠋ᠦᠩ ᠮᠧᠢ ᠬᠤᠷᠠᠯ ᠢ ᠡᠷᠬᠢᠯᠡᠪᠡ᠃
640 (1).jpg   
    ᠭᠦᠸᠧ ᠢ ᠵᠢᠶᠧ᠂ ᠥᠩᠭᠡᠷᠡᠭᠰᠡᠨ ᠨᠢᠭᠡ ᠵᠢᠯ ᠳᠤ᠂ ᠲᠤᠭᠤᠷᠢᠭ ᠤᠨ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠠᠶᠢᠨ ᠰᠠᠶᠢᠬᠠᠨ ᠤᠯᠤᠰ ᠲᠦᠷᠦ ᠶᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠦᠷ᠎ᠡ ᠪᠦᠲᠦᠮᠵᠢ ᠵᠢᠴᠢ ᠨᠡᠶᠢᠭᠡᠮ ᠤᠨ ᠦᠷ᠎ᠡ ᠪᠦᠲᠦᠮᠵᠢ ᠶᠢ ᠤᠯᠪᠠ᠃ ᠰᠢᠨ᠎ᠡ ᠨᠢᠭᠡ ᠵᠢᠯ ᠳᠤ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠪᠠᠶᠢᠳᠠᠯ ᠢ ᠭᠦᠨᠵᠡᠭᠡᠢ ᠲᠠᠨᠢᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠪᠣᠯᠤᠨ ᠲᠦᠭᠰᠢᠭᠦᠷᠢ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠡᠷᠡᠰ ᠵᠣᠷᠢᠭ ᠪᠣᠯᠤᠨ ᠢᠲᠡᠭᠡᠯ ᠢ ᠪᠠᠲᠤᠳᠬᠠᠵᠤ᠂ ᠨᠢᠭᠡ ᠠᠯᠬᠤᠮ ᠵᠣᠭᠰᠣᠬᠤ ᠦᠭᠡᠢ ᠴᠢᠩᠭ᠎ᠠ ᠲᠡᠮᠡᠴᠡᠯ ᠤᠨ ᠵᠣᠷᠢᠭ ᠰᠠᠨᠠᠭ᠎ᠠ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠦᠵᠡᠯ ᠰᠠᠨᠠᠭᠠᠨ ᠤ ᠲᠠᠯ᠎ᠠ ᠠᠴᠠ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠮᠡᠳᠡᠵᠦ᠂ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠰᠡᠳᠬᠢᠯ ᠤᠨ ᠢᠷᠣᠭᠠᠷ ᠠᠴᠠ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠭᠢᠰᠬᠢᠵᠦ ᠪᠣᠯᠤᠰᠢ ᠦᠭᠡᠢ ᠬᠤᠷᠢᠭ᠎ᠠ ᠱᠤᠭᠤᠮ᠂ ᠳᠠᠪᠠᠵᠤ ᠪᠣᠯᠤᠰᠢ ᠦᠭᠡᠢ ᠤᠯᠠᠭᠠᠨ ᠱᠤᠭᠤᠮ᠂ ᠬᠦᠨᠳᠡᠵᠦ ᠪᠣᠯᠤᠰᠢ ᠦᠭᠡᠢ ᠥᠨᠳᠥᠷ ᠬᠦᠴᠦᠳᠡᠯᠲᠦ ᠤᠲᠠᠰᠤ ᠪᠣᠯᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠴᠠᠭ ᠢᠮᠠᠭᠲᠠ ᠥᠪᠡᠷ ᠤᠨ ᠰᠠᠬᠢᠯᠭ᠎ᠠ ᠪᠠᠲᠤ ᠶᠢ ᠬᠦᠨᠳᠦᠳᠬᠡᠬᠦ ᠪᠠ ᠪᠣᠯᠭᠤᠮᠵᠢᠯᠠᠬᠤ ᠬᠡᠮᠵᠢᠶ᠎ᠡ ᠪᠠᠨ ᠬᠢᠨᠠᠨ ᠰᠢᠨᠵᠢᠵᠦ᠂ ᠭᠠᠭᠴᠠ ᠬᠦ ᠰᠡᠷᠡᠮᠵᠢᠯᠡᠬᠦᠯᠵᠦ ᠪᠠᠶᠢᠪᠠᠯ ᠰᠠᠶ᠋ᠢ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠪᠣᠯᠭᠤᠮᠵᠢᠯᠠᠵᠤ᠂ ᠨᠠᠮ ᠤᠨ ᠵᠣᠷᠢᠯᠲᠠ ᠪᠠ ᠵᠠᠷᠴᠢᠮ ᠠᠴᠠ ᠰᠠᠯᠬᠤ ᠦᠭᠡᠢ ᠪᠠᠶᠢᠬᠤ ᠶᠢ ᠴᠠᠭ ᠢᠮᠠᠭᠲᠠ ᠰᠠᠨᠠᠭᠤᠯᠵᠤ ᠴᠢᠳᠠᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ᠂ ᠢᠯᠠᠩᠭᠤᠶ᠎ᠠ ᠡᠯ᠎ᠡ ᠨᠢᠭᠡᠴᠢ ᠶᠢᠨ ᠨᠢᠭᠡᠳᠦᠭᠡᠷ ᠬᠠᠷᠢᠭᠤᠴᠠᠯᠭᠠᠲᠠᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠠᠮ ᠤᠨ ︽ᠰᠠᠬᠢᠯᠭ᠎ᠠ ᠪᠠᠲᠤ ᠴᠡᠷᠢᠭ ᠠᠩᠭᠢ︾ ᠪᠣᠯᠤᠭᠰᠠᠨ ᠤ ᠬᠤᠪᠢ ᠳᠤ᠂ ᠴᠢᠬᠤᠯᠠ ᠶᠡᠭᠡ ᠡᠭᠦᠷᠭᠡ ᠶᠢ ᠡᠭᠦᠷᠭᠡᠯᠡᠵᠦ ᠪᠠᠶᠢᠨ᠎ᠠ᠂ ᠡᠷᠬᠡᠪᠰᠢ ︽ᠲᠡᠮᠦᠷ ᠳᠠᠪᠲᠠᠬᠤ ᠳᠤ ᠡᠷᠬᠡᠪᠰᠢ ᠥᠪᠡᠷ ᠤᠨ ᠪᠡᠶ᠎ᠡ ᠪᠠᠨ ᠴᠢᠩᠭ᠎ᠠ ᠪᠠᠶᠢᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠬᠦᠴᠦᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠬᠦᠨᠳᠦ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠰᠢᠨᠵᠢᠯᠡᠬᠦ ᠤᠬᠠᠭᠠᠨᠴᠢ ᠬᠥᠭᠵᠢᠯᠲᠡ᠂ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
640 (2).jpg   
    ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ 2 ᠰᠠᠷ᠎ᠠ ᠶᠢᠨ 8᠎ ᠤ ᠡᠳᠦᠷ ᠬᠠᠶᠢᠷᠤᠪ ᠤᠨ ᠲᠤᠬᠤᠢ ᠳᠤ ᠬᠤᠷᠠᠯᠳᠤᠪᠠ᠃ ᠬᠠᠶᠢᠷᠤᠪ ᠤᠨ ᠲᠤᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠢ ᠡᠷᠬᠢᠯᠡᠵᠦ᠂ ᠭᠧ ᠳ᠋ᠦᠩ ᠮᠧᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠰᠢᠨ᠎ᠡ ᠬᠠᠭᠤᠳᠠᠰᠤ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号