ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠭᠦᠨᠵᠡᠭᠡᠢ ᠲᠤᠤᠱᠠᠯᠠᠭᠤᠯᠤᠨ | ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠴᠢᠩᠭᠠᠳᠬᠠᠨ᠂ | ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠤ ᠶᠠᠰᠤ ᠴᠢᠨᠠᠷ ᠢ ᠰᠢᠯᠢᠳᠡᠭᠵᠢᠭᠦᠯᠬᠦ ᠶᠢᠨ ᠲᠦᠯᠤᠭᠡ᠂ ᠣᠶᠢᠷ᠎ᠠ ᠶᠢᠨ ᠡᠳᠦᠷ ᠤᠳ ᠲᠤ᠂ | ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠳᠤᠷᠢᠳᠬᠤ ᠪᠠᠭ ᠤᠨ | ᠪᠦᠷᠢᠯᠳᠦᠭᠦᠨ ᠨᠠᠷ ᠬᠤᠲᠠ ᠶᠢᠨ ᠲᠣᠭᠤᠷᠢᠭ ᠵᠢᠴᠢ ᠡᠷᠬᠢᠨ ᠲᠣᠭᠤᠷᠢᠨ ᠳᠤ ᠣᠷᠣᠰᠢᠵᠤ ᠪᠠᠶᠢᠭ᠎ᠠ ᠨᠢᠴᠦᠭᠦᠨ ᠭᠠᠵᠠᠷ | ᠰᠢᠷᠣᠢ᠂ ᠲᠣᠭᠤᠰᠣ ᠰᠢᠷᠣᠢ ᠶᠢᠨ ᠪᠣᠬᠢᠷᠲᠤᠯ᠂ ᠬᠤᠲᠠ ᠶᠢᠨ ᠡᠷᠡᠭᠦᠯ ᠬᠠᠮᠠᠭᠠᠯᠠᠯ ᠤᠨ ᠥᠯᠥ ᠣᠨᠣᠭᠳᠠᠬᠤ ᠭᠠᠵᠠᠷ | ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | | ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠵᠠᠰᠠᠯᠲᠠ ᠶᠢ ᠱᠠᠯᠠᠪᠳᠠᠭᠤᠯᠬᠤ᠂ | ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠵᠢᠭᠯᠠᠬᠤ ᠪᠠᠷ ᠭᠠᠷᠳᠠᠴᠠ ᠪᠣᠯᠭᠠᠵᠤ᠂ ᠬᠤᠭ ᠨᠣᠪᠰᠢ ᠶᠢ ᠣᠪᠣᠭᠠᠯᠠᠵᠤ | ᠲᠠᠯᠪᠢᠭᠰᠠᠨ ᠦᠨᠳᠦᠰᠦᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠭᠰᠡᠨ ᠪᠥᠭᠡᠳ ᠤᠷᠳᠤ ᠬᠤᠭᠤᠴᠠᠭ᠎ᠠ ᠪᠠᠷ | ᠣᠪᠣᠭᠠᠯᠠᠵᠤ ᠲᠠᠯᠪᠢᠭᠰᠠᠨ ᠪᠠᠷᠢᠯᠭ᠎ᠠ ᠵᠢᠴᠢ ᠠᠮᠢᠳᠤᠷᠠᠯ ᠤᠨ ᠬᠤᠭ ᠨᠣᠪᠰᠢ ᠶᠢ ᠴᠡᠪᠡᠷᠯᠡᠪᠡ᠃ ᠡᠭᠦᠨ ᠤ ᠬᠠᠮᠲᠤ᠂ | ᠡᠷᠬᠢᠨ ᠲᠣᠭᠤᠷᠢᠨ ᠤ ᠨᠢᠴᠦᠭᠦᠨ ᠭᠠᠵᠠᠷ ᠰᠢᠷᠣᠢ ᠶᠢ ᠣᠷᠴᠢᠨ ᠠᠬᠤᠢ ᠶᠢᠨ ᠬᠠᠮᠠᠭᠠᠯᠠᠯᠲᠠ ᠶᠢᠨ ᠱᠠᠭᠠᠷᠳᠠᠯᠭ᠎ᠠ | ᠶᠣᠰᠣᠭᠠᠷ ᠪᠦᠲᠦᠮᠵᠢᠲᠡᠶ ᠪᠦᠷᠬᠦᠭᠦᠯᠦᠭᠰᠡᠨ ᠡᠰᠡᠬᠦ ᠶᠢ ᠨᠠᠷᠢᠨ ᠪᠠᠶᠢᠴᠠᠭᠠᠨ ᠦᠵᠡᠭᠰᠡᠨ ᠪᠥᠭᠡᠳ ᠣᠯᠵᠤ ᠮᠡᠳᠡᠭᠰᠡᠨ | ᠠᠰᠠᠭᠤᠳᠠᠯ ᠳᠤ ᠪᠣᠳᠠᠲᠠᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | | 2025 ᠣᠨ ᠤ 1 ᠰᠠᠷ᠎ᠠ ᠠᠴᠠ ᠨᠠᠰᠢ᠂ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ | ᠲᠣᠪᠴᠢᠶ᠎ᠠ ᠡᠯ᠎ᠡ ᠲᠦᠷᠦᠯ ᠤᠨ ᠬᠤᠭ ᠨᠣᠪᠰᠢ ᠶᠢ ᠨᠡᠶᠢᠳᠡ 2200 ᠭᠠᠷᠤᠢ ᠲᠣᠨ ᠴᠡᠪᠡᠷᠯᠡᠵᠡᠢ᠃ ᠵᠠᠯᠭᠠᠭᠠᠳ | ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠨᠢᠴᠦᠭᠦᠨ ᠭᠠᠵᠠᠷ ᠰᠢᠷᠣᠢ ᠶᠢᠨ ᠬᠢᠨᠠᠨ | ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ | ᠠᠵᠢᠯᠯᠠᠭ᠎ᠠ ᠥᠷᠨᠢᠭᠦᠯᠵᠦ᠂ ᠡᠯ᠎ᠡ ᠵᠦᠢᠯ ᠤᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠥᠷᠭᠡᠨ ᠤᠯᠠᠨ ᠲᠦᠮᠡᠨ ᠳᠤ ᠠᠷᠢᠭᠤᠨ ᠴᠡᠪᠡᠷ᠂ ᠭᠤᠶᠤ ᠰᠠᠶᠢᠬᠠᠨ | ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃ | | | | |