ᠬᠠᠤᠯᠢ ᠪᠠᠷ ᠵᠠᠰᠠᠬᠤ ᠳᠡᠳ᠋ ᠡᠷᠬᠢᠯᠡᠭᠴᠢ ᠬᠠᠤᠯᠢ ᠴᠠᠭᠠᠵᠠ ᠶᠢ ᠨᠡᠶᠢᠭᠡᠮ ᠲᠣᠭᠤᠷᠢᠭ ᠲᠤ ᠬᠦᠷᠭᠡᠬᠦ ᠠᠵᠢᠯᠯᠠᠭ᠎ᠠ‌ᠦᠷᠨᠢᠭᠦᠯᠪᠡ
ᠨᠡᠶᠢᠲᠡᠯᠡᠭᠰᠡᠨ ᠴᠠᠭ᠄
2025/3/10
    ᠬᠠᠤᠯᠢ ᠪᠠᠷ ᠵᠠᠰᠠᠬᠤ ᠳᠡᠳ᠋ ᠡᠷᠬᠢᠯᠡᠭᠴᠢ ᠶᠢᠨ ᠦᠨᠳᠦᠰᠦᠨ ᠱᠠᠲᠤᠨ ᠤ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ᠂ ᠨᠡᠶᠢᠭᠡᠮ ᠤᠨ ᠵᠥᠷᠢᠴᠡᠯ ᠢ ᠰᠡᠷᠭᠡᠶᠢᠯᠡᠨ ᠠᠷᠢᠯᠭᠠᠬᠤ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠤᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠴᠠᠭᠠᠵᠠ ᠶᠢᠨ ᠵᠡᠪᠰᠡᠭ ᠢᠶᠠᠷ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠪᠠᠲᠤᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠢᠨ ᠬᠠᠶ ᠨᠡᠶᠢᠭᠡᠮ ᠲᠣᠭᠤᠷᠢᠭ ᠤᠨ ᠬᠠᠤᠯᠢ ᠪᠠᠷ ᠵᠠᠰᠠᠬᠤ ᠳᠡᠳ᠋ ᠡᠷᠬᠢᠯᠡᠭᠴᠢ ᠸᠠᠩ ᠶᠢᠩ ᠨᠡᠶᠢᠭᠡᠮ ᠲᠣᠭᠤᠷᠢᠭ ᠲᠤ ᠬᠦᠷᠴᠦ᠂ ᠨᠡᠶᠢᠭᠡᠮ ᠲᠣᠭᠤᠷᠢᠭ ᠤᠨ ︽ᠲᠣᠮᠣ ᠨᠠᠶᠢᠵᠠ︾ ᠪᠠ ︽ᠪᠢᠴᠢᠬᠠᠨ ᠨᠠᠶᠢᠵᠠ︾᠎ ᠳᠤ ᠪᠠᠶᠠᠷ ᠤᠨ ᠡᠳᠦᠷ ᠤᠨ ᠬᠠᠤᠯᠢ ᠪᠠᠷ ᠵᠠᠰᠠᠬᠤ ᠲᠣᠮᠣ ᠪᠡᠯᠡᠭ ᠥᠭᠴᠦ᠂ ᠬᠠᠮᠲᠤ ᠪᠠᠷ ᠬᠡᠦᠬᠡᠳ ᠤᠨ ᠦᠰᠦᠨ ᠪᠤᠶᠢᠵᠢᠯᠲᠠ ᠳᠤ ᠬᠠᠤᠯᠢ ᠪᠠᠷ ᠵᠠᠰᠠᠬᠤ  ᠬᠥᠬᠡ ᠣᠭᠲᠠᠷᠭᠤᠶ ᠶᠢ ᠲᠤᠯᠭᠠᠭᠤᠷᠢᠯᠠᠪᠠ᠃
43258.png   
    ᠠᠵᠢᠯᠯᠠᠭ᠎ᠠ ᠶᠢᠨ ᠳᠤᠮᠳᠠ᠂ ᠬᠠᠤᠯᠢ ᠪᠠᠷ ᠵᠠᠰᠠᠬᠤ ᠳᠡᠳ᠋ ᠡᠷᠬᠢᠯᠡᠭᠴᠢ ᠸᠠᠩ ᠶᠢᠩ ᠲᠡᠭᠦᠨ ᠤ ᠲᠤᠰᠬᠠᠢ ᠮᠡᠷᠭᠡᠵᠢᠯ ᠤᠨ ᠬᠠᠤᠯᠢ ᠴᠠᠭᠠᠵᠠ ᠶᠢᠨ ᠮᠡᠳᠡᠯᠭᠡ ᠪᠠ ᠳᠣᠲᠣᠨᠣᠰᠤᠭ ᠲᠠᠶᠢᠯᠪᠤᠷᠢᠯᠠᠯᠲᠠ ᠶᠢᠨ ᠠᠷᠭ᠎ᠠ ᠬᠡᠯᠪᠡᠷᠢ ᠪᠠᠷ ᠠᠮᠲᠠ ᠰᠢᠮᠲᠠ ᠦᠭᠡᠢ ᠬᠠᠤᠯᠢ ᠴᠠᠭᠠᠵᠠ ᠶᠢᠨ ᠵᠦᠢᠯ ᠵᠤᠷᠪᠤᠰ ᠢ ᠠᠮᠢᠳᠤᠯᠢᠭ ᠪᠥᠭᠡᠳ ᠰᠣᠨᠢᠷᠬᠠᠯᠲᠠᠢ ᠬᠠᠤᠯᠢ ᠪᠠᠷ ᠵᠠᠰᠠᠬᠤ ᠦᠯᠢᠭᠡᠷ ᠪᠣᠯᠭᠠᠨ ᠬᠤᠪᠢᠷᠠᠭᠤᠯᠪᠠ᠃ ᠲᠡᠷᠡ ︽ᠲᠣᠮᠣ ᠨᠠᠶᠢᠵᠠ︾᠎ ᠶᠢᠨ ᠬᠢᠨ ᠳᠤ ᠡᠳᠦᠷ ᠲᠤᠲᠤᠮ ᠤᠨ ᠠᠮᠢᠳᠤᠷᠠᠯ ᠤᠨ ᠳᠤᠮᠳᠠ ᠲᠣᠬᠢᠶᠠᠯᠳᠤᠵᠤ ᠮᠡᠳᠡᠬᠦ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠡᠤᠬᠡᠳ ᠤᠨ ᠦᠰᠦᠨ ᠪᠤᠶᠢᠵᠢᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠬᠡᠤᠬᠡᠳ ᠤᠳ ᠤᠨ ᠣᠶᠢᠯᠠᠭᠠᠬᠤ ᠳᠤ ᠲᠥᠬᠦᠮ ᠬᠠᠤᠯᠢ ᠪᠠᠷ ᠵᠠᠰᠠᠬᠤ ᠵᠢᠷᠤᠭᠲᠤ ᠳᠡᠪᠲᠡᠷ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢᠨ ᠺᠠᠷᠲ᠂ ᠵᠢᠵᠢᠭ ᠸᠢᠳᠢᠣ᠋᠂ ᠬᠡᠷ ᠪᠦᠯᠢ ᠶᠢᠨ ᠬᠥᠮᠦᠵᠢᠯ ᠤᠨ ᠬᠠᠤᠯᠢ ᠴᠠᠭᠠᠵᠠ ᠶᠢᠨ ᠵᠦᠭᠯᠡᠭᠦᠷ ᠢ ᠨᠠᠷᠢᠨ ᠨᠢᠮᠪᠠᠶ ᠪᠡᠯᠡᠳᠬᠡᠪᠡ᠃ ᠡᠭᠦᠨ ᠤ ᠬᠠᠮᠲᠤ᠂ ᠪᠠᠰᠠ ᠲᠤᠬᠠᠶ ᠶᠢᠨ ᠲᠠᠯᠠᠪᠤᠷ ᠲᠤ ᠬᠠᠤᠯᠢ ᠴᠠᠭᠠᠵᠠ ᠶᠢᠨ ᠪᠠᠶᠢᠳᠠᠯ ᠢ ᠳᠠᠭᠤᠷᠢᠶᠠᠵᠤ᠂ ᠬᠡᠦᠬᠡᠳ ᠤᠳ ᠢ ᠪᠠᠶᠠᠷ ᠪᠠᠶᠠᠰᠬᠤᠯᠠᠩᠲᠤ ᠳᠤᠮᠳᠠᠳᠤ ᠰᠤᠷᠭᠠᠭᠤᠯᠢ ᠳᠤ ᠥᠪᠡᠷ ᠢ ᠪᠠᠨ ᠬᠡᠷᠬᠢᠨ ᠬᠠᠮᠠᠭᠠᠯᠠᠬᠤ ᠲᠤᠬᠠᠶ ᠨᠠᠩ ᠢᠯᠡᠭᠦᠤ ᠬᠡᠷ ᠤᠨ ᠠᠬᠠᠮᠠᠳ ᠲᠤ ᠨᠠᠩ ᠢᠯᠡᠭᠦᠤ ᠬᠠᠤᠯᠢ ᠴᠠᠭᠠᠵᠠ ᠶᠢᠨ ᠬᠦᠴᠦᠨ ᠢᠶᠠᠷ ᠬᠡᠤᠬᠡᠳ ᠤᠨ ᠦᠰᠦᠨ ᠪᠤᠶᠢᠵᠢᠯᠲᠠ ᠶᠢ ᠪᠠᠲᠤᠯᠠᠬᠤ ᠶᠢ ᠣᠶᠢᠯᠠᠭᠠᠭᠤᠯᠪᠠ᠃ ᠡᠶᠢᠮᠦᠷᠬᠦ ᠰᠢᠨ᠎ᠡ ᠰᠣᠷᠭᠤᠭ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠷᠭ᠎ᠠ ᠮᠠᠶ᠋ᠢᠭ ᠨᠢ ᠰᠠᠭᠤᠭᠠᠯᠢ ᠠᠷᠠᠳ ᠲᠤ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ ᠬᠠᠤᠯᠢ ᠴᠠᠭᠠᠵᠠ ᠶᠢᠨ ᠮᠡᠳᠡᠯᠭᠡ ᠶᠢ ᠡᠵᠡᠮᠰᠢᠭᠦᠯᠵᠦ᠂ ᠪᠠᠰᠠ ᠲᠡᠳᠡᠨ ᠤ ᠬᠠᠤᠯᠢ ᠪᠠᠷ ᠵᠠᠰᠠᠬᠤ ᠤᠷᠮ᠎ᠠ ᠪᠠᠬ᠎ᠠ ᠪᠠ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠰᠠᠭᠤᠭᠠᠯᠢ ᠠᠷᠠᠳ ᠤᠨ ᠨᠠᠶᠢᠵᠠ ᠨᠠᠷ ᠢᠳᠡᠪᠬᠢᠲᠡᠶ ᠣᠷᠣᠯᠴᠠᠵᠤ᠂ ᠲᠡᠳᠡᠨ ᠡᠶᠢᠮᠦᠷᠬᠦ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢᠨ ᠬᠡᠯᠪᠡᠷᠢ ᠨᠢ ᠬᠡᠷᠡᠭᠯᠡᠭᠡᠨ ᠤ ᠮᠥᠷᠲᠡᠭᠡᠨ ᠰᠣᠨᠢᠷᠬᠠᠯᠲᠠᠶ ᠪᠠᠶᠢᠵᠤ᠂ ᠬᠤᠶᠢᠰᠢᠳᠠ ᠢᠯᠡᠭᠦᠬᠡᠨ ᠡᠷᠬᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃ ᠲᠣᠰ ᠤᠳᠠᠭᠠᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠬᠡᠷ ᠪᠦᠯᠢ᠂ ᠰᠤᠷᠭᠠᠭᠤᠯᠢ᠂ ᠨᠡᠶᠢᠭᠡᠮ ᠭᠤᠷᠪᠠᠨ ᠲᠠᠯ᠎ᠠ ᠶᠢᠨ ᠬᠠᠮᠵᠢᠯᠴᠠᠭ᠎ᠠ ᠶᠢ ᠠᠬᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠲᠤ ᠪᠠᠷ ᠬᠠᠮᠠᠭᠠᠯᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号