ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠶ᠎ᠡ︕ ᠬᠠᠶᠢᠷᠤᠪ ᠤᠨ ᠲᠣᠬᠤᠢ ᠶᠢᠨ ᠣᠯᠠᠨ ᠰᠠᠯᠠᠭ᠎ᠠ ᠮᠥᠴᠢᠷ ᠬᠠᠮᠲᠤᠷᠠᠨ  ᠪᠠᠶᠢᠴᠠᠭᠠᠨ᠎ᠠ ᠁
ᠨᠡᠶᠢᠲᠡᠯᠡᠭᠰᠡᠨ ᠴᠠᠭ᠄
2025/3/10
    ᠥᠷᠭᠡᠨ ᠣᠯᠠᠨ ᠪᠠᠭᠰᠢ ᠰᠤᠷᠤᠭᠴᠢᠳ ᠤᠨ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠨ ᠬᠥᠮᠦᠵᠢᠯ ᠤᠨ ᠲᠣᠪᠴᠢᠶ᠎ᠠ᠂ ᠪᠠᠶᠢᠴᠠᠭᠠᠬᠤ ᠬᠤᠷᠢᠶ᠎ᠠ ᠲᠠᠢ ᠬᠠᠮᠲᠤᠷᠠᠨ᠂ ᠰᠤᠷᠭᠠᠭᠤᠯᠢ ᠶᠢᠨ ᠬᠤᠭᠤᠯᠠᠨ ᠭᠡᠷ ᠲᠤ ᠴᠢᠭᠯᠡᠭᠦᠯᠦᠨ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠴᠠ ᠡᠮᠦᠨᠡᠬᠢ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠬᠠᠮᠲᠤᠷᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠦᠬᠦ ᠬᠦᠴᠦᠨ ᠢᠶᠠᠷ ᠢᠶᠠᠨ ᠴᠢᠩᠭᠠᠳᠬᠠᠪᠠ᠃
640 (1).jpg   
    ᠲᠣᠰ ᠤᠳᠠᠭᠠᠨ ᠤ ᠠᠵᠢᠯᠯᠠᠭ᠎ᠠ ᠳᠤ ᠬᠠᠷᠢᠶᠠᠲᠤ ᠣᠷᠣᠨ ᠤ 46 ᠰᠤᠷᠭᠠᠭᠤᠯᠢ ᠶᠢᠨ ᠬᠦᠷᠢᠶᠡᠨ ᠤ ᠬᠤᠭᠤᠯᠠᠨ ᠬᠡᠷ ᠲᠤ ᠨᠡᠶᠢᠳᠡᠮ ᠪᠠᠶᠢᠴᠠᠭᠠᠯᠲᠠ ᠬᠢᠵᠦ᠂ ᠳᠡᠩᠰᠡᠯᠡᠨ ᠲᠡᠮᠳᠡᠭᠯᠡᠬᠦ᠂ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠪᠠᠶᠢᠳᠠᠯ ᠪᠠ ᠢᠳᠡᠭᠡᠨ ᠬᠤᠳᠠᠯᠳᠤᠨ ᠠᠪᠬᠤ᠂ ᠬᠠᠳᠠᠭᠠᠯᠠᠬᠤ᠂ ᠡᠳ᠋ᠰᠢᠭᠦᠯᠦᠨ ᠦᠢᠯᠡᠳᠬᠦ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠵᠡᠷᠭᠡ ᠭᠤᠤᠯᠳᠠᠯᠭ᠎ᠠ ᠲᠠᠢ ᠭᠤᠭᠴᠤᠭ᠎ᠠ ᠳᠤ ᠪᠥᠬᠦ ᠲᠠᠯ᠎ᠠ ᠪᠠᠷ ᠨᠠᠷᠢᠨ ᠪᠠᠶᠢᠴᠠᠭᠠᠯᠲᠠ ᠬᠢᠪᠠ᠃ ᠪᠠᠶᠢᠴᠠᠭᠠᠯᠲᠠ ᠪᠠᠷ ᠬᠡᠰᠡᠭ ᠰᠤᠷᠭᠠᠭᠤᠯᠢ ᠶᠢᠨ ᠬᠤᠭᠤᠯᠠᠨ ᠭᠡᠷ ᠲᠤ ᠦᠯᠢᠭᠡᠷ ᠦᠯᠡᠳᠡᠭᠡᠬᠦ ᠨᠢ ᠳᠦᠷᠢᠮᠵᠢᠯ ᠦᠭᠡᠢ᠂ ᠢᠳᠡᠭᠡᠨ ᠤ ᠬᠠᠳᠠᠭᠠᠯᠠᠯᠲᠠ ᠶᠢᠨ ᠠᠷᠭ᠎ᠠ ᠮᠠᠶ᠋ᠢᠭ ᠨᠢ ᠵᠥᠪ ᠪᠤᠰᠤ᠂ ᠪᠠᠷᠢᠮᠲᠠ ᠬᠤᠳᠠᠯᠳᠤᠨ ᠠᠪᠬᠤ ᠳᠤ ᠪᠦᠷᠢᠨ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠪᠠᠶᠢᠴᠠᠭᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠬᠠᠮᠢᠶ᠎ᠠ ᠪᠦᠬᠦᠢ ᠨᠢᠭᠡᠴᠡ ᠳᠤ 6 ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ 
640.jpg    
    ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠤᠷᠭᠠᠭᠤᠯᠢ ᠶᠢᠨ ᠬᠤᠭᠤᠯᠠᠨ ᠭᠡᠷ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠪᠠᠶᠢᠴᠠᠭᠠᠯᠲᠠ ᠬᠢᠬᠦ ᠶᠢᠨ ᠬᠠᠮᠲᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠮᠥᠷᠳᠡᠨ ᠵᠢᠯᠣᠭᠤᠳᠴᠤ᠂ ᠰᠤᠷᠭᠠᠭᠤᠯᠢ ᠶᠢᠨ ᠬᠤᠭᠤᠯᠠᠨ ᠬᠡᠷ ᠤᠨ ︽ᠢᠨᠲ᠋ᠧᠷ ᠰᠦᠯᠵᠢᠶᠡᠨ ᠤ ᠢᠯᠡ ᠲᠣᠭᠤᠭᠠᠨ ᠬᠡᠷ︾᠎ ᠤᠨ AI ᠣᠶᠤᠨᠴᠢ ᠬᠢᠨᠠᠯᠲᠠ ᠬᠠᠮᠢᠶᠠᠷᠤᠯᠲᠠ ᠶᠢᠨ ᠳᠠᠪᠠᠭᠤᠯᠢᠭ ᠢ ᠭᠦᠢᠴᠡᠤᠡ ᠠᠰᠢᠭᠯᠠᠨ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ  ᠪᠠᠲᠤᠯᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号