ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ 149 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2025 ᠣᠨ ᠤ ᠠᠩᠬᠠᠳᠤᠭᠠᠷ ᠬᠤᠷᠠᠯ ᠬᠤᠷᠠᠯᠳᠤᠪᠠ᠃ | ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠭᠦᠸᠧ ᠢ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠤᠨ ᠨᠡᠶᠢᠲᠡᠯᠡᠭᠰᠡᠨ | ᠶᠡᠷᠦᠩᠬᠡᠶ ᠱᠦᠵᠢ ᠰᠢ ᠶᠢᠨ ᠫᠢᠩ ᠤᠨ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢᠭᠡᠳᠦᠮᠡᠯ | ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ ᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ᠂ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ | ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ 2025 ᠣᠨ ᠤ | ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ | ᠵᠠᠰᠠᠬᠤ ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠵᠡᠷᠭᠡ ᠠᠭᠤᠯᠭ᠎ᠠ ᠶᠢ ᠰᠤᠳᠤᠯᠤᠨ ᠬᠢᠨᠠᠨ ᠵᠥᠪᠯᠡᠪᠡ᠃ | ︽ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵ᠬᠦᠷᠭᠡᠨ | ᠬᠢᠨᠠᠭᠤᠯᠬᠤ ᠨᠣᠤᠷᠠᠭ︶︾᠂ ︽ᠬᠠᠶᠢᠷᠤᠪ ᠤᠨ ᠲᠤᠬᠤᠢ ᠲᠣᠭᠤᠷᠢᠭ ᠤᠨ ᠬᠤᠶᠠᠳᠤᠭᠠᠷ ᠡᠭᠡᠯᠵᠢ ᠶᠢᠨ ᠥᠪᠡᠷᠲᠡᠭᠡᠨ | ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ | ᠮᠡᠳᠡᠭᠦᠯᠦᠯᠲᠡ ᠶᠢᠨ ᠴᠡᠭᠴᠡᠯᠡᠨ ᠰᠠᠶᠢᠵᠢᠷᠠᠭᠤᠯᠬᠤ ᠲᠥᠰᠦᠯ ︵ᠬᠦᠷᠭᠡᠨ ᠬᠢᠨᠠᠭᠤᠯᠬᠤ ᠨᠣᠤᠷᠠᠭ︶︾ ᠵᠡᠷᠭᠡ | ᠠᠭᠤᠯᠭ᠎ᠠ ᠶᠢ ᠬᠢᠨᠠᠨ ᠵᠥᠪᠯᠡᠵᠦ ᠪᠠᠲᠤᠯᠠᠪᠠ᠃ ︽ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ | ᠬᠤᠷᠠᠯ ᠤᠨ ᠴᠡᠭᠴᠡᠯᠡᠨ ᠰᠠᠶᠢᠵᠢᠷᠠᠭᠤᠯᠬᠤ ᠲᠥᠰᠦᠯ ︵ᠬᠦᠷᠭᠡᠨ ᠬᠢᠨᠠᠭᠤᠯᠬᠤ ᠨᠣᠤᠷᠠᠭ︶︾ ᠢ ᠬᠢᠨᠠᠨ ᠵᠥᠪᠯᠡᠵᠦ | ᠪᠠᠲᠤᠯᠠᠭᠰᠠᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠲᠠᠷᠠᠭᠠᠴᠢ ᠶᠢᠨ ᠠᠯᠬᠤᠮ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠭᠦᠸᠧ ᠢ ᠵᠢᠶᠧ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠶᠡᠷᠦᠩᠬᠡᠢ ᠱᠦᠵᠢ ᠶᠢᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠢᠲᠡᠭᠡᠯ ᠵᠣᠷᠢᠭ ᠢ ᠪᠠᠲᠤᠳᠬᠠᠵᠤ᠂ ︽ | ᠮᠣᠩᠭᠤᠯ ᠮᠣᠷᠢᠨ ᠤ ᠵᠣᠷᠢᠭ ᠰᠠᠨᠠᠭ᠎ᠠ︾ ᠪᠠᠷ ᠦᠷᠭᠦᠯᠵᠢᠯᠡᠨ ᠬᠦᠴᠦᠯᠡᠵᠦ᠂ ᠭᠤᠣᠯᠯᠠᠭᠴᠢ ᠦᠷᠢᠰᠦᠯᠳᠦᠬᠦ | ᠬᠦᠴᠦᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠪᠠᠶᠢᠭᠤᠯᠬᠤ ᠬᠡᠷᠡᠭᠲᠡᠢ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ | ᠪᠠᠲᠤᠲᠠᠢ ᠥᠷᠨᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠬᠤ᠂ ᠠᠵᠤ | ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ | ᠠᠬᠢᠭᠤᠯᠬᠤ ᠬᠡᠷᠡᠭᠲᠡᠢ︔ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ | ᠬᠠᠷᠢᠴᠠᠭ᠎ᠠ ᠶᠢ ᠪᠠᠶᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ | ᠪᠠ ᠬᠥᠭᠵᠢᠯᠲᠡ ᠶᠢ ᠠᠬᠢᠭᠤᠯᠬᠤ ᠶᠢ ᠨᠡᠪᠲᠡᠷᠡᠯᠴᠡᠭᠦᠯᠵᠦ᠂ ᠨᠡᠩ ᠶᠡᠭᠡ ᠡᠷᠴᠢᠮ ᠢᠶᠠᠷ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠵᠠᠬᠢᠳᠠᠯ | ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠠᠢ᠃ ᠠᠶᠤᠯᠭᠦᠢ | ᠦᠢᠯᠡᠳᠪᠦᠷᠢᠯᠡᠯ ᠤᠨ ᠠᠵᠢᠯ ᠢ ᠴᠢᠩᠭ᠎ᠠ ᠨᠢᠮᠪᠠᠢ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ | ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠨᠠᠷᠢᠨ ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠤ᠂ ᠦᠨᠡᠨ ᠬᠦ | ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠤ᠂ ᠬᠦᠨᠳᠦ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ︔ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠭᠤᠣᠯ | ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠬᠡᠵᠦ᠂ ᠬᠠᠷᠢᠶ᠎ᠠ ᠶᠢ ᠴᠢᠩᠭ᠎ᠠ ᠬᠠᠮᠢᠶᠠᠷᠴᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠶᠢᠨ ᠤᠳᠤᠷᠢᠳᠬᠤ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ | ᠶᠢ ᠴᠢᠩᠭ᠎ᠠ ᠭᠦᠢᠴᠡᠳᠬᠡᠬᠦ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠲᠠᠢ ᠪᠥᠭᠡᠳ ᠵᠢᠳᠬᠦᠯ | ᠴᠢᠷᠮᠠᠶᠢᠯᠭ᠎ᠠ ᠭᠠᠷᠭᠠᠬᠤ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠤ᠂ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠥᠷᠭᠡᠨ ᠤᠯᠠᠨ ᠺᠠᠳ᠋ᠷᠴᠤᠳ ᠢ ᠬᠥᠮᠦᠵᠢᠭᠦᠯᠦᠨ ᠬᠥᠲᠥᠯᠥᠨ | ᠵᠢᠯᠣᠭᠤᠳᠴᠤ ᠪᠠᠶᠢᠭᠠᠳ ᠡᠷᠬᠡ ᠪᠠ ᠬᠠᠷᠢᠭᠤᠴᠠᠯᠭ᠎ᠠ᠂ ᠵᠢᠷᠤᠮ ᠬᠢᠭᠡᠳ ᠠᠰᠢᠭ ᠤᠨ ᠬᠠᠷᠢᠴᠠᠭ᠎ᠠ ᠶᠢ ᠵᠥᠪ ᠢᠶᠠᠷ | ᠲᠠᠨᠢᠭᠤᠯᠵᠤ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠵᠤ᠂ ᠲᠦᠷᠢᠮ | ᠲᠣᠭᠲᠠᠭᠠᠯ ᠰᠠᠬᠢᠯᠭ᠎ᠠ ᠪᠠᠲᠤ ᠶᠣᠰᠣᠭᠠᠷ ᠠᠵᠢᠯ ᠬᠢᠵᠦ ᠦᠢᠯᠡᠰ ᠪᠣᠰᠬᠠᠬᠤ ᠬᠡᠷᠡᠭᠲᠡᠢ ᠭᠡᠵᠤ ᠬᠡᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |