ᠬᠠᠤᠯᠢ ᠪᠠᠷ ᠵᠠᠰᠠᠬᠤ ᠳᠡᠳ᠋ ᠡᠷᠬᠢᠯᠡᠭᠴᠢ ᠬᠠᠤᠯᠢ ᠴᠠᠭᠠᠵᠠ ᠶᠢ ᠨᠡᠶᠢᠭᠡᠮ ᠲᠣᠭᠤᠷᠢᠭ ᠲᠤ ᠬᠦᠷᠭᠡᠬᠦ ᠠᠵᠢᠯᠯᠠᠭ᠎ᠠ‌ᠦᠷᠨᠢᠭᠦᠯᠪᠡ
ᠨᠡᠶᠢᠲᠡᠯᠡᠭᠰᠡᠨ ᠴᠠᠭ᠄
2025/3/10
    ᠬᠠᠤᠯᠢ ᠪᠠᠷ ᠵᠠᠰᠠᠬᠤ ᠳᠡᠳ᠋ ᠡᠷᠬᠢᠯᠡᠭᠴᠢ ᠶᠢᠨ ᠦᠨᠳᠦᠰᠦᠨ ᠱᠠᠲᠤᠨ ᠤ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ᠂ ᠨᠡᠶᠢᠭᠡᠮ ᠤᠨ ᠵᠥᠷᠢᠴᠡᠯ ᠢ ᠰᠡᠷᠭᠡᠶᠢᠯᠡᠨ ᠠᠷᠢᠯᠭᠠᠬᠤ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠤᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠴᠠᠭᠠᠵᠠ ᠶᠢᠨ ᠵᠡᠪᠰᠡᠭ ᠢᠶᠠᠷ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠪᠠᠲᠤᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠢᠨ ᠬᠠᠶ ᠨᠡᠶᠢᠭᠡᠮ ᠲᠣᠭᠤᠷᠢᠭ ᠤᠨ ᠬᠠᠤᠯᠢ ᠪᠠᠷ ᠵᠠᠰᠠᠬᠤ ᠳᠡᠳ᠋ ᠡᠷᠬᠢᠯᠡᠭᠴᠢ ᠸᠠᠩ ᠶᠢᠩ ᠨᠡᠶᠢᠭᠡᠮ ᠲᠣᠭᠤᠷᠢᠭ ᠲᠤ ᠬᠦᠷᠴᠦ᠂ ᠨᠡᠶᠢᠭᠡᠮ ᠲᠣᠭᠤᠷᠢᠭ ᠤᠨ ︽ᠲᠣᠮᠣ ᠨᠠᠶᠢᠵᠠ︾ ᠪᠠ ︽ᠪᠢᠴᠢᠬᠠᠨ ᠨᠠᠶᠢᠵᠠ︾ ᠳᠤ ᠪᠠᠶᠠᠷ ᠤᠨ ᠡᠳᠦᠷ ᠤᠨ ᠬᠠᠤᠯᠢ ᠪᠠᠷ ᠵᠠᠰᠠᠬᠤ ᠲᠣᠮᠣ ᠪᠡᠯᠡᠭ ᠥᠭᠴᠦ᠂ ᠬᠠᠮᠲᠤ ᠪᠠᠷ ᠬᠡᠦᠬᠡᠳ ᠤᠨ ᠦᠰᠦᠨ ᠪᠤᠶᠢᠵᠢᠯᠲᠠ ᠳᠤ ᠬᠠᠤᠯᠢ ᠪᠠᠷ ᠵᠠᠰᠠᠬᠤ  ᠬᠥᠬᠡ ᠣᠭᠲᠠᠷᠭᠤᠶ ᠶᠢ ᠲᠤᠯᠭᠠᠭᠤᠷᠢᠯᠠᠪᠠ᠃
43258.png   
    ᠠᠵᠢᠯᠯᠠᠭ᠎ᠠ ᠶᠢᠨ ᠳᠤᠮᠳᠠ᠂ ᠬᠠᠤᠯᠢ ᠪᠠᠷ ᠵᠠᠰᠠᠬᠤ ᠳᠡᠳ᠋ ᠡᠷᠬᠢᠯᠡᠭᠴᠢ ᠸᠠᠩ ᠶᠢᠩ ᠲᠡᠭᠦᠨ ᠤ ᠲᠤᠰᠬᠠᠢ ᠮᠡᠷᠭᠡᠵᠢᠯ ᠤᠨ ᠬᠠᠤᠯᠢ ᠴᠠᠭᠠᠵᠠ ᠶᠢᠨ ᠮᠡᠳᠡᠯᠭᠡ ᠪᠠ ᠳᠣᠲᠣᠨᠣᠰᠤᠭ ᠲᠠᠶᠢᠯᠪᠤᠷᠢᠯᠠᠯᠲᠠ ᠶᠢᠨ ᠠᠷᠭ᠎ᠠ ᠬᠡᠯᠪᠡᠷᠢ ᠪᠠᠷ ᠠᠮᠲᠠ ᠰᠢᠮᠲᠠ ᠦᠭᠡᠢ ᠬᠠᠤᠯᠢ ᠴᠠᠭᠠᠵᠠ ᠶᠢᠨ ᠵᠦᠢᠯ ᠵᠤᠷᠪᠤᠰ ᠢ ᠠᠮᠢᠳᠤᠯᠢᠭ ᠪᠥᠭᠡᠳ ᠰᠣᠨᠢᠷᠬᠠᠯᠲᠠᠢ ᠬᠠᠤᠯᠢ ᠪᠠᠷ ᠵᠠᠰᠠᠬᠤ ᠦᠯᠢᠭᠡᠷ ᠪᠣᠯᠭᠠᠨ ᠬᠤᠪᠢᠷᠠᠭᠤᠯᠪᠠ᠃ ᠲᠡᠷᠡ ︽ᠲᠣᠮᠣ ᠨᠠᠶᠢᠵᠠ︾ ᠶᠢᠨ ᠬᠢᠨ ᠳᠤ ᠡᠳᠦᠷ ᠲᠤᠲᠤᠮ ᠤᠨ ᠠᠮᠢᠳᠤᠷᠠᠯ ᠤᠨ ᠳᠤᠮᠳᠠ ᠲᠣᠬᠢᠶᠠᠯᠳᠤᠵᠤ ᠮᠡᠳᠡᠬᠦ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠡᠤᠬᠡᠳ ᠤᠨ ᠦᠰᠦᠨ ᠪᠤᠶᠢᠵᠢᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠬᠡᠤᠬᠡᠳ ᠤᠳ ᠤᠨ ᠣᠶᠢᠯᠠᠭᠠᠬᠤ ᠳᠤ ᠲᠥᠬᠦᠮ ᠬᠠᠤᠯᠢ ᠪᠠᠷ ᠵᠠᠰᠠᠬᠤ ᠵᠢᠷᠤᠭᠲᠤ ᠳᠡᠪᠲᠡᠷ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢᠨ ᠺᠠᠷᠲ᠂ ᠵᠢᠵᠢᠭ ᠸᠢᠳᠢᠣ᠋᠂ ᠬᠡᠷ ᠪᠦᠯᠢ ᠶᠢᠨ ᠬᠥᠮᠦᠵᠢᠯ ᠤᠨ ᠬᠠᠤᠯᠢ ᠴᠠᠭᠠᠵᠠ ᠶᠢᠨ ᠵᠦᠭᠯᠡᠭᠦᠷ ᠢ ᠨᠠᠷᠢᠨ ᠨᠢᠮᠪᠠᠶ ᠪᠡᠯᠡᠳᠬᠡᠪᠡ᠃ ᠡᠭᠦᠨ ᠤ ᠬᠠᠮᠲᠤ᠂ ᠪᠠᠰᠠ ᠲᠤᠬᠠᠶ ᠶᠢᠨ ᠲᠠᠯᠠᠪᠤᠷ ᠲᠤ ᠬᠠᠤᠯᠢ ᠴᠠᠭᠠᠵᠠ ᠶᠢᠨ ᠪᠠᠶᠢᠳᠠᠯ ᠢ ᠳᠠᠭᠤᠷᠢᠶᠠᠵᠤ᠂ ᠬᠡᠦᠬᠡᠳ ᠤᠳ ᠢ ᠪᠠᠶᠠᠷ ᠪᠠᠶᠠᠰᠬᠤᠯᠠᠩᠲᠤ ᠳᠤᠮᠳᠠᠳᠤ ᠰᠤᠷᠭᠠᠭᠤᠯᠢ ᠳᠤ ᠥᠪᠡᠷ ᠢ ᠪᠠᠨ ᠬᠡᠷᠬᠢᠨ ᠬᠠᠮᠠᠭᠠᠯᠠᠬᠤ ᠲᠤᠬᠠᠶ ᠨᠠᠩ ᠢᠯᠡᠭᠦᠤ ᠬᠡᠷ ᠤᠨ ᠠᠬᠠᠮᠠᠳ ᠲᠤ ᠨᠠᠩ ᠢᠯᠡᠭᠦᠤ ᠬᠠᠤᠯᠢ ᠴᠠᠭᠠᠵᠠ ᠶᠢᠨ ᠬᠦᠴᠦᠨ ᠢᠶᠠᠷ ᠬᠡᠤᠬᠡᠳ ᠤᠨ ᠦᠰᠦᠨ ᠪᠤᠶᠢᠵᠢᠯᠲᠠ ᠶᠢ ᠪᠠᠲᠤᠯᠠᠬᠤ ᠶᠢ ᠣᠶᠢᠯᠠᠭᠠᠭᠤᠯᠪᠠ᠃ ᠡᠶᠢᠮᠦᠷᠬᠦ ᠰᠢᠨ᠎ᠡ ᠰᠣᠷᠭᠤᠭ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠷᠭ᠎ᠠ ᠮᠠᠶ᠋ᠢᠭ ᠨᠢ ᠰᠠᠭᠤᠭᠠᠯᠢ ᠠᠷᠠᠳ ᠲᠤ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ ᠬᠠᠤᠯᠢ ᠴᠠᠭᠠᠵᠠ ᠶᠢᠨ ᠮᠡᠳᠡᠯᠭᠡ ᠶᠢ ᠡᠵᠡᠮᠰᠢᠭᠦᠯᠵᠦ᠂ ᠪᠠᠰᠠ ᠲᠡᠳᠡᠨ ᠤ ᠬᠠᠤᠯᠢ ᠪᠠᠷ ᠵᠠᠰᠠᠬᠤ ᠤᠷᠮ᠎ᠠ ᠪᠠᠬ᠎ᠠ ᠪᠠ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠰᠠᠭᠤᠭᠠᠯᠢ ᠠᠷᠠᠳ ᠤᠨ ᠨᠠᠶᠢᠵᠠ ᠨᠠᠷ ᠢᠳᠡᠪᠬᠢᠲᠡᠶ ᠣᠷᠣᠯᠴᠠᠵᠤ᠂ ᠲᠡᠳᠡᠨ ᠡᠶᠢᠮᠦᠷᠬᠦ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢᠨ ᠬᠡᠯᠪᠡᠷᠢ ᠨᠢ ᠬᠡᠷᠡᠭᠯᠡᠭᠡᠨ ᠤ ᠮᠥᠷᠲᠡᠭᠡᠨ ᠰᠣᠨᠢᠷᠬᠠᠯᠲᠠᠶ ᠪᠠᠶᠢᠵᠤ᠂ ᠬᠤᠶᠢᠰᠢᠳᠠ ᠢᠯᠡᠭᠦᠬᠡᠨ ᠡᠷᠬᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃ ᠲᠣᠰ ᠤᠳᠠᠭᠠᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠬᠡᠷ ᠪᠦᠯᠢ᠂ ᠰᠤᠷᠭᠠᠭᠤᠯᠢ᠂ ᠨᠡᠶᠢᠭᠡᠮ ᠭᠤᠷᠪᠠᠨ ᠲᠠᠯ᠎ᠠ ᠶᠢᠨ ᠬᠠᠮᠵᠢᠯᠴᠠᠭ᠎ᠠ ᠶᠢ ᠠᠬᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠲᠤ ᠪᠠᠷ ᠬᠠᠮᠠᠭᠠᠯᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号