ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 2025 ᠣᠨ ᠤ ᠳᠥᠷᠪᠡᠳᠦᠭᠡᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/13
    ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠤᠡᠬᠠᠬᠤ ᠶᠢᠨ ᠲᠥᠯᠥᠭᠡ᠂ ᠵᠡᠭᠡᠯᠢ ᠭᠤᠳᠤᠮᠵᠢ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠳᠤᠯᠠᠬᠤ ᠶᠢᠨ ᠲᠦᠯᠤᠭᠡ᠂ ᠣᠶᠢᠷ᠎ᠠ ᠳᠤ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠪᠠ᠃ ᠰᠢᠨᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢᠦ ᠭᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠪᠠᠭ ᠤᠨ ᠪᠦᠬᠦ ᠪᠦᠷᠢᠯᠳᠦᠬᠦᠨ᠂ ᠡᠯ᠎ᠡ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠢᠴᠢ ᠵᠡᠭᠡᠯᠢ ᠭᠤᠳᠤᠮᠵᠢ ᠶᠢᠨ ᠪᠠᠶᠢᠭᠤᠯᠭ᠎ᠠ ᠶᠢᠨ ᠠᠵᠢᠯᠲᠠᠳ ᠬᠤᠷᠠᠯ ᠳᠤ ᠣᠷᠣᠯᠴᠠᠪᠠ᠃
43463.png   
    ᠬᠤᠷᠠᠯ ᠳᠡᠭᠡᠷ᠎ᠡ ︽ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠦᠬᠦ  ᠲᠤᠭᠤᠷᠢᠭ ᠤᠨ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠸᠢᠳᠢᠣ᠋ ᠬᠤᠷᠠᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾᠎ ᠶᠢ ᠰᠤᠷᠤᠯᠴᠠᠨ ᠤᠯᠠᠮᠵᠢᠯᠠᠪᠠ᠃ ᠲᠡᠷᠡ ᠴᠢᠬᠤᠯᠠᠴᠢᠯᠠᠭᠰᠠᠨ ᠨᠢ᠂ ᠬᠤᠷᠠᠯ ᠵᠢᠴᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠠᠬᠢᠭᠤᠯᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠥᠷᠨᠢᠭᠦᠯᠵᠦ᠂ ᠭᠠᠯ ᠤᠨ ᠡᠬᠢ ᠰᠤᠷᠪᠤᠯᠵᠢ ᠶᠢ ᠴᠢᠩᠭ᠎ᠠ ᠡᠵᠡᠮᠳᠡᠵᠦ᠂ ᠭᠠᠯ ᠰᠡᠷᠭᠡᠶᠢᠯᠡᠬᠦ ᠤᠬᠠᠭᠤᠯᠭ᠎ᠠ ᠪᠣᠯᠤᠨ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃    ᠬᠤᠷᠠᠯ ᠠᠴᠠ ᠳᠣᠤᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠪᠠᠶᠢᠷᠢᠯᠠᠭᠤᠯᠪᠠ᠄ ᠨᠢᠭᠡ ᠳᠤ ᠠᠶᠤᠯᠭᠦᠶ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠦᠨ᠎ᠡ᠃ ᠭᠠᠯ ᠤᠨᠲᠠᠷᠠᠭᠠᠬᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠪᠥᠬᠦ ᠬᠡᠯᠬᠢᠶ᠎ᠡ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠳᠠᠯᠳᠠ ᠬᠡᠮ ᠤᠨ ᠨᠠᠷᠢᠨ ᠲᠠᠩᠰᠠ ᠪᠠᠶᠢᠭᠤᠯᠤᠨ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ ᠤᠬᠠᠭᠤᠯᠭ᠎ᠠ ᠶᠢᠨ ᠲᠠᠪᠴᠠᠩ ᠢ ᠭᠦᠢᠴᠡᠳ ᠠᠰᠢᠭᠯᠠᠨ᠂ ᠠᠶᠤᠯᠭᠦᠶ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠪᠦᠬᠦ ᠠᠷᠠᠳ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃ ᠭᠤᠷᠪᠠ ᠳᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠨ᠎ᠠ᠃ ᠤᠳᠤᠷᠢᠳᠤᠯᠭ᠎ᠠ ᠵᠢᠵᠢᠭᠦᠷ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢᠨ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠨ  ᠰᠢᠢᠤᠡᠪᠤᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠳᠡᠯ ᠭᠠᠷᠤᠮᠠᠭᠴᠠ ᠴᠠᠭ ᠲᠤᠬᠠᠶ ᠳᠤᠨᠢ ᠪᠦᠲᠦᠮᠵᠢᠲᠡᠶ ᠰᠢᠢᠤᠡᠪᠤᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号