ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 2025 ᠣᠨ ᠤ ᠳᠥᠷᠪᠡᠳᠦᠭᠡᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/13
    ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠤᠡᠬᠠᠬᠤ ᠶᠢᠨ ᠲᠥᠯᠥᠭᠡ᠂ ᠵᠡᠭᠡᠯᠢ ᠭᠤᠳᠤᠮᠵᠢ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠳᠤᠯᠠᠬᠤ ᠶᠢᠨ ᠲᠦᠯᠤᠭᠡ᠂ ᠣᠶᠢᠷ᠎ᠠ ᠳᠤ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠪᠠ᠃ ᠰᠢᠨᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢᠦ ᠭᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠪᠠᠭ ᠤᠨ ᠪᠦᠬᠦ ᠪᠦᠷᠢᠯᠳᠦᠬᠦᠨ᠂ ᠡᠯ᠎ᠡ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠢᠴᠢ ᠵᠡᠭᠡᠯᠢ ᠭᠤᠳᠤᠮᠵᠢ ᠶᠢᠨ ᠪᠠᠶᠢᠭᠤᠯᠭ᠎ᠠ ᠶᠢᠨ ᠠᠵᠢᠯᠲᠠᠳ ᠬᠤᠷᠠᠯ ᠳᠤ ᠣᠷᠣᠯᠴᠠᠪᠠ᠃
43463.png   
    ᠬᠤᠷᠠᠯ ᠳᠡᠭᠡᠷ᠎ᠡ ︽ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠦᠬᠦ  ᠲᠤᠭᠤᠷᠢᠭ ᠤᠨ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠸᠢᠳᠢᠣ᠋ ᠬᠤᠷᠠᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠰᠤᠷᠤᠯᠴᠠᠨ ᠤᠯᠠᠮᠵᠢᠯᠠᠪᠠ᠃ ᠲᠡᠷᠡ ᠴᠢᠬᠤᠯᠠᠴᠢᠯᠠᠭᠰᠠᠨ ᠨᠢ᠂ ᠬᠤᠷᠠᠯ ᠵᠢᠴᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠠᠬᠢᠭᠤᠯᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠥᠷᠨᠢᠭᠦᠯᠵᠦ᠂ ᠭᠠᠯ ᠤᠨ ᠡᠬᠢ ᠰᠤᠷᠪᠤᠯᠵᠢ ᠶᠢ ᠴᠢᠩᠭ᠎ᠠ ᠡᠵᠡᠮᠳᠡᠵᠦ᠂ ᠭᠠᠯ ᠰᠡᠷᠭᠡᠶᠢᠯᠡᠬᠦ ᠤᠬᠠᠭᠤᠯᠭ᠎ᠠ ᠪᠣᠯᠤᠨ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃    ᠬᠤᠷᠠᠯ ᠠᠴᠠ ᠳᠣᠤᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠪᠠᠶᠢᠷᠢᠯᠠᠭᠤᠯᠪᠠ᠄ ᠨᠢᠭᠡ ᠳᠤ ᠠᠶᠤᠯᠭᠦᠶ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠦᠨ᠎ᠡ᠃ ᠭᠠᠯ ᠤᠨᠲᠠᠷᠠᠭᠠᠬᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠪᠥᠬᠦ ᠬᠡᠯᠬᠢᠶ᠎ᠡ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠳᠠᠯᠳᠠ ᠬᠡᠮ ᠤᠨ ᠨᠠᠷᠢᠨ ᠲᠠᠩᠰᠠ ᠪᠠᠶᠢᠭᠤᠯᠤᠨ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ ᠤᠬᠠᠭᠤᠯᠭ᠎ᠠ ᠶᠢᠨ ᠲᠠᠪᠴᠠᠩ ᠢ ᠭᠦᠢᠴᠡᠳ ᠠᠰᠢᠭᠯᠠᠨ᠂ ᠠᠶᠤᠯᠭᠦᠶ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠪᠦᠬᠦ ᠠᠷᠠᠳ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃ ᠭᠤᠷᠪᠠ ᠳᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠨ᠎ᠠ᠃ ᠤᠳᠤᠷᠢᠳᠤᠯᠭ᠎ᠠ ᠵᠢᠵᠢᠭᠦᠷ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢᠨ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠨ  ᠰᠢᠢᠤᠡᠪᠤᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠳᠡᠯ ᠭᠠᠷᠤᠮᠠᠭᠴᠠ ᠴᠠᠭ ᠲᠤᠬᠠᠶ ᠳᠤᠨᠢ ᠪᠦᠲᠦᠮᠵᠢᠲᠡᠶ ᠰᠢᠢᠤᠡᠪᠤᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号