ᠭᠦᠸᠧ ᠢ ᠵᠢᠶᠧ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/18
    ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠪᠠᠢ ᡁᠢ ᠯᠦᠩ᠂ ᠦ᠋ ᠬᠠᠢ ᠣᠷᠣᠯᠴᠠᠵᠠᠢ᠃     ᠭᠦᠸᠧ ᠢ ᠵᠢᠶᠧ ᠨᠠᠷ ᠤᠷᠢᠳ ᠬᠤᠵᠢᠳ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ᠂ ᠬᠡᠦᠷᠰᠢᠭᠦᠯᠬᠦ ᠠᠵᠤ ᠠᠬᠤᠶᠢᠯᠠᠯ ᠤᠨ ᠬᠡᠳᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ᠂ ᠬᠠᠶᠢᠷ ᠴᠢᠯᠠᠭᠤᠨ ᠤ ᠦᠢᠯᠡᠳᠪᠦᠷᠢ ᠶᠢ ᠰᠡᠷᠭᠦᠭᠡᠨ ᠵᠠᠰᠠᠬᠤ᠂ ᠭᠤᠣᠯ ᠤᠨ ᠵᠠᠮ ᠢ ᠵᠠᠰᠠᠬᠤ ᠵᠢᠴᠢ ᠠᠭᠤᠷᠬᠠᠢ ᠶᠢᠨ ᠣᠷᠣᠨ ᠤ ᠰᠢᠭᠠᠷᠤ ᠶᠢᠨ ᠠᠭᠤᠯᠠ ᠶᠢᠨ ᠭᠠᠯ ᠤᠨ ᠴᠡᠭ ᠢ ᠵᠠᠰᠠᠬᠤ ᠲᠤᠬᠠᠢ ᠶᠢᠨ ᠲᠠᠯᠠᠪᠠᠢ ᠳᠤ ᠬᠦᠷᠴᠦ᠂ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠣᠳᠠᠲᠠᠢ ᠱᠠᠭᠠᠷᠳᠠᠯᠭ᠎ᠠ ᠳᠤᠷᠠᠳᠴᠠᠢ᠃     ᠭᠦᠸᠧ ᠢ ᠵᠢᠶᠧ ᠴᠢᠬᠤᠯᠠᠴᠢᠯᠠᠭᠰᠠᠨ ᠨᠢ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠥᠪᠡᠷ ᠢᠶᠠᠨ ᠪᠡᠯᠡᠳᠬᠡᠭᠰᠡᠨ ᠬᠤᠳᠳᠤᠭ ᠢ ᠬᠠᠤᠯᠢ ᠲᠣᠭᠲᠠᠭᠠᠯ ᠶᠣᠰᠣᠭᠠᠷ ᠬᠠᠭᠠᠵᠤ ᠵᠣᠭᠰᠣᠭᠠᠬᠤ ᠶᠢ ᠲᠦᠷᠭᠡᠳᠬᠡᠵᠦ᠂ ᠬᠤᠯᠪᠣᠭᠳᠠᠯ ᠪᠦᠬᠦᠢ ᠤᠰᠤᠨ ᠰᠤᠷᠪᠤᠯᠵᠢ ᠶᠢᠨ ᠬᠤᠳᠳᠤᠭ ᠤᠨ ᠤᠰᠤᠨ ᠲᠦᠪᠰᠢᠨ ᠪᠠᠭᠤᠷᠠᠭᠰᠠᠨ ᠰᠢᠯᠲᠠᠭᠠᠨ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠵᠤ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠬᠡᠦᠷᠰᠢᠭᠦᠯᠬᠦ ᠠᠵᠤ ᠠᠬᠤᠶᠢᠯᠠᠯ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠬᠠᠷᠠᠯᠲᠠ ᠡᠭᠦᠷᠭᠡ ᠪᠣᠯᠤᠨ ᠴᠠᠭ ᠤᠨ ᠵᠠᠩᠭᠢᠯᠠᠭ᠎ᠠ ᠶᠢᠨ ᠴᠡᠭ ᠶᠣᠰᠣᠭᠠᠷ᠂ ᠢᠨᠵᠧᠨᠧᠷᠢᠩ ᠤᠨ ᠠᠬᠢᠴᠠ ᠪᠠᠨ ᠲᠦᠷᠭᠡᠳᠬᠡᠵᠦ᠂ ᠢᠨᠵᠧᠨᠧᠷᠢᠩ ᠤᠨ ᠶᠠᠰᠤ ᠴᠢᠨᠠᠷ ᠢ ᠪᠠᠲᠤᠯᠠᠵᠤ᠂ ᠥᠭᠡᠷᠡᠴᠢᠯᠡᠯᠲᠡ ᠶᠢ ᠤᠷᠢᠳᠴᠢᠯᠠᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠶ᠃ ᠲᠣᠭᠲᠠᠭᠠᠭᠰᠠᠨ ᠵᠠᠰᠠᠬᠤ ᠲᠥᠰᠦᠯ ᠶᠣᠰᠣᠭᠠᠷ᠂ ᠬᠠᠮᠢᠶ᠎ᠠ ᠪᠥᠬᠦᠶ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠠᠶᠢᠷ ᠴᠢᠯᠠᠭᠤᠨ ᠤ ᠤᠶᠢᠯᠡᠤᠡᠪᠤᠷᠢ᠂ ᠭᠤᠤᠯ ᠤᠨ ᠵᠠᠮ ᠵᠢᠴᠢ ᠠᠭᠤᠷᠬᠠᠶ ᠶᠢᠨ ᠣᠷᠣᠨ ᠤ ᠭᠠᠯ ᠴᠡᠭ ᠢ ᠵᠠᠰᠠᠬᠤ ᠶᠢ ᠲᠦᠷᠭᠡᠳᠬᠡᠵᠦ᠂ ᠠᠮᠢ ᠠᠬᠤᠶ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号