3 ᠰᠠᠷ᠎ᠠ ᠶᠢᠨ 18 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠡᠭᠦᠳᠦᠨ ᠪᠠᠶᠢᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠬᠤᠷᠠᠯ ᠬᠤᠷᠠᠯᠳᠤᠪᠠ᠃ | ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠶᠠᠩ ᠳ᠋ᠦᠸᠧ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠯᠢᠶᠠᠩ ᠴᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠵᠠᠩ ᠯᠦ ᠫᠢᠩ ᠬᠤᠷᠠᠯ ᠢ ᠡᠷᠬᠢᠯᠡᠪᠡ᠃ | ᠬᠤᠷᠠᠯ ᠠᠴᠠ ︽2025 ᠣᠨ ᠤ ᠬᠠᠶᠢᠷᠤᠪ ᠤᠨ ᠲᠤᠬᠤᠢ ᠲᠣᠭᠤᠷᠢᠭ ᠤᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠠᠬᠢᠭᠤᠯᠬᠤ ᠡᠭᠦᠷᠭᠡ ᠶᠢᠨ ᠨᠠᠷᠢᠨ ᠲᠠᠩᠰᠠ︾ ᠳᠤ ᠲᠠᠶᠢᠯᠤᠮᠵᠢ ᠬᠢᠭᠰᠡᠨ ᠪᠥᠭᠡᠳ ᠳᠠᠷᠠᠭᠠᠴᠢ ᠶᠢᠨ | ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠬᠠᠮᠢᠶ᠎ᠠ ᠪᠦᠬᠦᠢ ᠰᠠᠯᠠᠭ᠎ᠠ ᠮᠥᠴᠢᠷ ᠲᠤᠰ ᠲᠤᠰ ᠤᠨ | ᠬᠦᠷᠢᠶ᠎ᠡ ᠴᠠᠷᠠᠭ᠎ᠠ ᠳᠤ ᠡᠭᠦᠳᠦᠨ ᠪᠠᠶᠢᠭᠤᠯᠬᠤ ᠠᠵᠢᠯ ᠥᠷᠨᠢᠭᠦᠯᠦᠭᠰᠡᠨ ᠪᠠᠶᠢᠳᠠᠯ ᠤᠨ ᠲᠣᠭᠤᠷᠢᠨ ᠳᠤ | ᠲᠤᠷᠰᠢᠯᠭ᠎ᠠ ᠪᠠᠨ ᠬᠤᠪᠢᠶᠠᠯᠴᠠᠨ ᠡᠳ᠋ᠯᠡᠬᠦ ᠪᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠬᠤᠷᠠᠯ ᠠᠴᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ | ᠣᠷᠣᠨ ᠢ ᠡᠭᠦᠳᠦᠨ ᠪᠠᠶᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ | ᠶᠡᠭᠡ ᠠᠷᠭ᠎ᠠ ᠬᠡᠮᠵᠢᠶ᠎ᠡ ᠪᠣᠯᠤᠨ᠎ᠠ᠂ ᠮᠥᠨᠴᠦ ᠬᠠᠶᠢᠷᠤᠪ ᠤᠨ ᠲᠤᠬᠤᠢ ᠲᠣᠭᠤᠷᠢᠭ ᠤᠨ ᠳᠡᠭᠡᠳᠦ ᠲᠤᠤᠷᠠᠳᠤ ᠱᠠᠲᠤᠨ ᠤ | ᠡᠷᠬᠡᠪᠰᠢ ᠡᠭᠦᠷᠭᠡᠯᠡᠵᠦ᠂ ᠰᠠᠶᠢᠲᠤᠷ ᠭᠦᠢᠴᠡᠳᠬᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ᠎ᠠ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠦᠷᠬᠡᠭ ᠶᠡᠭᠡ ᠬᠠᠮᠲᠤᠷᠠᠯ ᠬᠦᠴᠦᠨ ᠢ | ᠨᠢᠭᠲᠠᠷᠠᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ | ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠲᠣᠰ ᠪᠡᠶ᠎ᠡ ᠶᠢᠨ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠨᠡᠪᠲᠡᠷᠡᠯᠴᠡᠨ | ᠵᠣᠬᠢᠴᠠᠭᠤᠯᠬᠤ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ | ᠬᠡᠷᠡᠭᠲᠡᠶ︔ ᠪᠦᠬᠦ ᠬᠦᠴᠦᠨ ᠢᠶᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠳᠤᠲᠠᠭᠤ ᠶᠢ ᠪᠠᠶᠢᠴᠠᠭᠠᠨ | ᠳᠤᠲᠠᠭᠤ ᠶᠢ ᠨᠥᠬᠦᠪᠥᠷᠢᠯᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠨᠡᠩ ᠥᠨᠳᠥᠷ ᠪᠠᠷᠢᠮᠵᠢᠶ᠎ᠠ᠂ | ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠰᠠᠭᠤᠳᠠᠯ ᠤᠨ ᠳᠤᠲᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠠᠵᠢᠯ ᠤᠨ ᠶᠠᠰᠤ ᠴᠢᠨᠠᠷ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠡᠭᠦᠳᠦᠨ ᠪᠠᠶᠢᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠡᠭᠦᠳᠦᠨ | ᠪᠠᠶᠢᠭᠤᠯᠬᠤ ᠠᠵᠢᠯ ᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠭᠵᠢᠯᠲᠡ ᠶᠢ ᠠᠬᠢᠭᠤᠯᠬᠤ ᠲᠠᠢ ᠨᠢᠭᠲᠠ | ᠤᠶᠠᠯᠳᠤᠭᠤᠯᠵᠤ᠂ ᠡᠭᠦᠳᠦᠨ ᠪᠠᠶᠢᠭᠤᠯᠬᠤ ᠠᠵᠢᠯ ᠢᠶᠠᠷ ᠳᠠᠮᠵᠢᠭᠤᠯᠤᠨ ᠰᠤᠷᠭᠠᠨ ᠬᠥᠮᠦᠵᠢᠯ᠂ ᠠᠵᠢᠯ ᠣᠯᠭᠤᠯᠲᠠ᠂ | ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠤᠭ ᠠᠴᠠ | ᠠᠩᠬᠠᠷᠴᠤ ᠪᠠᠶᠢᠭ᠎ᠠ ᠪᠣᠳᠠᠲᠤ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠶ︔ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠬᠦᠴᠦᠯᠡᠨ ᠪᠠᠶᠢᠭᠤᠯᠵᠤ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠬᠠᠶᠢᠷᠤᠪ ᠤᠨ ᠲᠤᠬᠤᠢ ᠶᠢᠨ ᠦᠯᠢᠭᠡᠷ ᠢ ᠲᠠᠰᠤᠷᠠᠯᠳᠠ ᠦᠭᠡᠢ ᠠᠭᠤᠳᠠᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ | ᠬᠠᠷᠢᠶᠠᠯᠠᠭᠳᠠᠬᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ︔ ᠬᠠᠷᠢᠯᠴᠠᠨ ᠰᠢᠭᠢᠳᠦᠯ ᠲᠠᠢ | ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠦᠴᠦᠯᠡᠨ ᠪᠠᠶᠢᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ | ᠨᠥᠬᠦᠴᠡᠯ ᠢ ᠪᠤᠢ ᠪᠣᠯᠭᠠᠬᠤ ᠬᠡᠷᠡᠭᠲᠡᠢ︔ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠤᠬᠠᠭᠤᠯᠬᠤ | ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠪᠦᠬᠦ ᠨᠡᠶᠢᠭᠡᠮ ᠢᠶᠠᠷ ᠢᠶᠠᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠦᠢᠯᠡᠰ ᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠬᠠᠷᠢᠭᠤᠴᠠᠯᠭ᠎ᠠ ᠶᠢᠨ ᠤᠳᠤᠷᠢᠳᠤᠮᠵᠢ ᠶᠢ ᠳᠤᠪᠤᠶᠢᠯᠭᠠᠵᠤ᠂ ᠤᠷᠳᠤ ᠬᠤᠭᠤᠴᠠᠭ᠎ᠠ ᠪᠠᠷ ᠴᠢᠷᠮᠠᠶᠢᠬᠤ ᠶᠢ ᠪᠠᠷᠢᠮᠲᠠᠯᠠᠬᠤ | ᠬᠡᠷᠡᠭᠲᠡᠢ᠃ ᠡᠭᠦᠷᠭᠡ ᠬᠠᠷᠠᠯᠲᠠ ᠪᠠᠨ ᠲᠣᠭᠲᠠᠭᠠᠵᠤ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ | ᠲᠠᠩᠰᠠ ᠲᠤᠰᠢᠶᠠᠬᠤ ᠤᠬᠠᠮᠰᠠᠷ ᠪᠠ ᠦᠷ᠎ᠡ ᠪᠦᠲᠦᠭᠡᠯ ᠤᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ | ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠲᠦᠷᠭᠡᠳᠬᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ | ᠳᠡᠭᠡᠷ᠎ᠡ ᠬᠦᠴᠦ ᠲᠠᠯᠪᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠪᠠᠷ ᠬᠦᠴᠦᠯᠡᠬᠦ ᠬᠡᠷᠡᠭᠲᠡᠶ︔ | ᠦᠨᠳᠦᠰᠦᠲᠡᠨ ᠤ ᠠᠵᠢᠯ ᠤᠨ ᠴᠢᠳᠠᠪᠤᠷᠢ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠺᠠᠳ᠋ᠷ ᠤᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠦᠯᠭᠡ ᠶᠢᠨ ᠳᠠᠪᠲᠠᠯᠲᠠ ᠶᠢᠨ ᠳᠤᠮᠳᠠ ᠦᠨᠳᠦᠰᠦᠲᠡᠨ ᠤ | ᠬᠡᠷᠡᠭ ᠶᠠᠪᠤᠳᠠᠯ ᠤᠨ ᠵᠠᠰᠠᠯᠲᠠ ᠶᠢᠨ ᠴᠢᠳᠠᠪᠤᠷᠢ ᠪᠠᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠣᠳᠠᠲᠤ | ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ︔ ᠨᠢᠭᠡᠳᠦᠮᠡᠯ ᠹᠷᠣᠨᠲ ᠤᠨ ᠠᠵᠢᠯ ᠤᠨ ᠦᠨᠳᠦᠰᠦᠨ ᠱᠠᠲᠤᠨ ᠤ | ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠳᠠᠬᠢ ᠳᠠᠶᠢᠴᠢᠨ ᠪᠠᠬᠢᠯᠡᠯᠲᠡ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠪᠠᠷ ᠡᠯ᠎ᠡ ᠵᠦᠢᠯ ᠤᠨ ᠡᠭᠦᠳᠦᠨ | ᠪᠠᠶᠢᠭᠤᠯᠬᠤ ᠡᠭᠦᠷᠭᠡ ᠶᠢ ᠲᠡᠷᠡ ᠬᠡᠪ ᠢᠶᠠᠷ ᠨᠢ ᠪᠡᠶᠡᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠡᠳᠦᠪᠲᠦ ᠤᠬᠠᠭᠤᠯᠤᠨ | ᠲᠠᠶᠢᠯᠪᠤᠷᠢᠯᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ | ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠵᠢᠭᠰᠠᠭᠠᠯ ᠤᠨ ᠭᠠᠵᠠᠷ᠂ | ᠲᠠᠯᠠᠪᠤᠷ ᠣᠷᠳᠣᠨ ᠤ ᠬᠠᠮᠢᠶᠠᠷᠤᠯᠲᠠ ᠶᠢ ᠴᠢᠩᠭᠠᠳᠬᠠᠵᠤ᠂ ᠳᠡᠯᠭᠡᠨ ᠦᠵᠡᠭᠦᠯᠬᠦ ᠠᠭᠤᠯᠭ᠎ᠠ᠂ ᠲᠠᠶᠢᠯᠪᠤᠷᠢᠯᠠᠬᠤ | ᠦᠭᠡ ᠶᠢ ᠵᠢᠷᠤᠮᠵᠢᠭᠤᠯᠤᠨ ᠵᠠᠰᠠᠪᠤᠷᠢ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠳᠤ ᠨᠡᠶᠢᠴᠡᠬᠦ ᠦᠭᠡᠢ ᠠᠭᠤᠯᠭ᠎ᠠ ᠶᠢ ᠴᠡᠪᠡᠷᠯᠡᠵᠦ᠂ ᠰᠦᠯᠵᠢᠶᠡᠨ ᠳᠡᠭᠡᠷᠡᠬᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠬᠢ | ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠢᠩᠭ᠎ᠠ ᠠᠩᠬᠠᠷᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠰᠢᠭ ᠦᠭᠡᠢ ᠨᠠᠵᠠᠭᠠᠢ ᠲᠠᠯ᠎ᠠ ᠶᠢᠨ ᠰᠦᠯᠵᠢᠶᠡᠨ ᠤ ᠶᠠᠷᠢᠶ᠎ᠠ | ᠬᠡᠯᠡᠯᠴᠡᠭᠡᠨ ᠤ ᠪᠠᠶᠢᠳᠠᠯ ᠢ ᠢᠳᠡᠪᠬᠢᠲᠡᠢ ᠯᠠᠪᠳᠠᠭᠤᠨ ᠢᠶᠠᠷ ᠰᠢᠢᠳᠪᠦᠷᠢᠯᠡᠬᠦ ᠬᠡᠷᠡᠭᠲᠡᠢ᠃ ᠰᠣᠨᠢᠨ ᠮᠡᠳᠡᠭᠡᠨ ᠤ | ᠤᠬᠠᠭᠤᠯᠭ᠎ᠠ ᠶᠢ ᠴᠢᠩᠭᠠᠳᠬᠠᠵᠤ᠂ ᠲᠤᠰᠬᠠᠢ ᠰᠡᠳᠦᠪᠲᠦ ᠲᠤᠰᠬᠠᠢ ᠪᠤᠯᠤᠩ ᠭᠠᠷᠭᠠᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠦᠯᠬᠦᠮᠳᠡᠨ ᠲᠡᠮᠡᠴᠡᠬᠦ ᠠᠮᠢᠳᠤᠯᠢᠭ ᠦᠢᠯᠡᠳᠦᠯᠭᠡ ᠶᠢ ᠢᠳᠡᠪᠬᠢᠲᠡᠢ | ᠠᠭᠤᠳᠠᠯᠤᠨ ᠬᠦᠷᠭᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠤ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠡᠯ᠎ᠡ ᠲᠦᠷᠦᠯ ᠤᠨ ᠤᠬᠠᠭᠤᠯᠭ᠎ᠠ ᠪᠠ ᠠᠵᠢᠯᠯᠠᠭ᠎ᠠ ᠳᠤ | ᠠᠭᠤᠰᠤᠯᠴᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠱᠤᠭᠤᠵᠤ᠂ ᠦᠢᠯᠡ ᠶᠠᠪᠤᠳᠠᠯ ᠢ ᠦᠨᠳᠦᠰᠦᠨ | ᠱᠠᠲᠤᠨ ᠳᠤ ᠣᠷᠣᠭᠤᠯᠬᠤ ᠶᠢ ᠠᠬᠢᠭᠤᠯᠵᠤ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ | ᠳᠣᠲᠣᠨᠣ︾ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ | ᠬᠠᠶᠢᠷᠤᠪ ᠤᠨ ᠲᠤᠬᠤᠢ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | |