3 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ | ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠶᠡᠷᠦᠩᠬᠡᠶᠢᠯᠡᠨ ᠵᠠᠰᠠᠬᠤ ᠲᠥᠪ ᠤᠨ | ᠵᠢᠷᠤᠮᠵᠢᠭᠰᠠᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠸᠠᠩ | ᠵᠢᠤᠸᠠᠨ᠂ ᠪᠠᠢ ᡁᠢ ᠯᠦᠩ᠂ ᠭᠤᠤ ᠸᠧᠨ ᠵᠧᠩ ᠣᠷᠣᠯᠴᠠᠪᠠ᠃ | ᠭᠦᠸᠧ ᠢ ᠵᠢᠶᠧ ᠨᠠᠷ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠲᠤ ᠬᠦᠷᠴᠦ᠂ | ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ᠂ ᠴᠢᠳᠠᠮᠵᠢᠳᠤ ᠣᠷᠣᠨ ᠤ ᠪᠠᠶᠢᠷᠢᠯᠠᠭᠤᠯᠤᠯᠲᠠ᠂ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ | ᠶᠡᠷᠦᠩᠬᠡᠶᠢᠯᠡᠨ ᠵᠠᠰᠠᠬᠤ ᠲᠥᠪ ᠤᠨ ᠪᠠᠶᠢᠭᠤᠯᠤᠯᠲᠠ ᠠᠵᠢᠯᠯᠠᠭᠠᠨ ᠵᠢᠴᠢ ᠦᠨᠳᠦᠰᠦᠨ ᠱᠠᠲᠤᠨ ᠤ ᠵᠠᠰᠠᠯᠲᠠ ᠶᠢᠨ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠭᠦᠸᠧ ᠢ ᠵᠢᠶᠧ᠂ ᠶᠡᠷᠦᠩᠬᠡᠶᠢᠯᠡᠨ ᠵᠠᠰᠠᠬᠤ ᠠᠵᠢᠯ ᠤᠨ ᠡᠭᠦᠰᠦᠯᠲᠡ ᠪᠠ ᠲᠤᠰᠤᠯᠲᠠ ᠶᠢ ᠣᠨᠣᠪᠴᠢᠲᠠᠶ | ᠡᠵᠡᠮᠳᠡᠵᠦ᠂ ᠦᠨᠳᠦᠰᠦᠨ ᠱᠠᠲᠤᠨ ᠤ ᠠᠵᠢᠯᠲᠠᠨ ᠤ ᠬᠥᠮᠦᠵᠢᠯ ᠪᠣᠯᠪᠠᠰᠤᠷᠠᠭᠤᠯᠤᠯ ᠪᠠ ᠡᠳᠦᠷ ᠲᠤᠲᠤᠮ ᠤᠨ | ᠬᠠᠮᠢᠶᠠᠷᠤᠯᠲᠠ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ᠂ ᠨᠢᠭᠤᠴᠠ ᠶᠢ | ᠬᠠᠮᠠᠭᠠᠯᠠᠬᠤ ᠤᠬᠠᠮᠰᠠᠷ ᠢᠶᠠᠷ ᠴᠢᠩᠭ᠎ᠠ᠂ ᠡᠭᠦᠷᠭᠡ ᠲᠤᠰᠢᠶᠠᠯ ᠢᠶᠠᠨ ᠭᠦᠢᠴᠡᠤᠡᠭᠡᠬᠦ ᠠᠭᠤᠷ ᠠᠮᠢᠰᠬᠤᠯ ᠤᠨ ᠭᠦᠨ | ᠵᠤᠵᠠᠭᠠᠨ ᠡᠩᠨᠡᠭᠡ ᠶᠢ ᠪᠠᠶᠢᠭᠤᠯᠬᠤ ᠬᠡᠷᠡᠭᠲᠡᠶ᠃ ︽ᠬᠠᠶᠢᠷᠤᠪ ᠤᠨ ᠲᠤᠬᠤᠢ ᠲᠤᠭᠤᠷᠢᠭ ᠤᠨ e ᠭᠡᠷ︾ ᠤᠨ | ᠦᠢᠯᠡᠴᠢᠯᠡᠭᠡᠨ ᠤ ᠲᠠᠪᠴᠠᠩ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠡᠳᠡᠭᠡ ᠵᠠᠩᠭᠢ ᠨᠢ | ᠪᠦᠷᠢᠨ ᠲᠡᠭᠦᠯᠳᠡᠷ᠂ ᠠᠵᠢᠯᠯᠠᠭ᠎ᠠ ᠨᠢ ᠳᠥᠭᠦᠮ᠂ ᠯᠣᠭᠢᠭ ᠨᠢ ᠲᠣᠳᠣᠷᠬᠠᠶ ᠨᠡᠶᠢᠭᠡᠮ ᠤᠨ ᠵᠠᠰᠠᠯᠲᠠ ᠶᠢᠨ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠠᠵᠢᠯ ᠤᠨ ᠦᠷ᠎ᠡ | ᠪᠦᠲᠦᠮᠵᠢ ᠪᠠᠨ ᠳᠡᠭᠡᠭᠰᠢᠯᠡᠭᠦᠯᠬᠦ ᠶᠢᠨ ᠬᠦᠴᠦᠲᠡᠶ ᠲᠤᠰᠠᠯᠠᠬᠤ ᠲᠤᠯᠭᠠᠭᠤᠷᠢᠯᠠᠯ ᠪᠣᠯᠭᠠᠬᠤ ᠬᠡᠷᠡᠭᠲᠡᠶ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ | ᠥᠷᠭᠡᠨ ᠢᠶᠠᠷ ᠰᠣᠨᠣᠰᠴᠤ᠂ ᠶᠡᠷᠦᠩᠬᠡᠶᠢᠯᠡᠨ ᠵᠠᠰᠠᠬᠤ ᠠᠵᠢᠯ ᠢ ᠰᠠᠶᠢᠵᠢᠷᠠᠭᠤᠯᠤᠨ ᠳᠡᠭᠡᠭᠰᠢᠯᠡᠭᠦᠯᠬᠦ ᠶᠢ ᠦᠷᠭᠦᠯᠵᠢᠯᠡᠨ | ᠠᠬᠢᠭᠤᠯᠬᠤ ᠬᠡᠷᠡᠭᠲᠡᠶ᠃ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠣᠶᠢᠷ᠎ᠠ ᠬᠠᠪᠢ ᠶᠢᠨ ᠡᠶᠡᠳᠡᠭᠦᠯᠬᠦ | ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠬᠦ ᠬᠡᠷᠡᠭᠲᠡᠢ︔ | ᠲᠤᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠨᠢ ᠴᠢᠨᠠᠷ ᠰᠠᠶᠢᠲᠠᠶ ᠬᠥᠮᠦᠨ ᠤ ᠬᠦᠴᠦᠨ ᠤ ᠡᠬᠢ ᠪᠠᠶᠠᠯᠢᠭ ᠢ | ᠲᠥᠪᠯᠡᠷᠡᠭᠦᠯᠵᠦ᠂ ᠡᠯ᠎ᠡ ᠲᠥᠷᠥᠯ ᠤᠨ ᠵᠥᠷᠢᠴᠡᠯ ᠠᠰᠠᠭᠤᠳᠠᠯ ᠢ ᠰᠢᠢᠳᠪᠦᠷᠢᠯᠡᠬᠦ ᠡᠷᠬᠡ ᠰᠦᠷᠲᠦ ᠴᠢᠨᠠᠷ ᠪᠠ ᠲᠤᠰᠬᠠᠶ | ᠮᠡᠷᠭᠡᠵᠢᠯ ᠤᠨ ᠴᠢᠨᠠᠷ ᠢ ᠪᠠᠲᠤᠯᠠᠬᠤ ᠬᠡᠷᠡᠭᠲᠡᠶ᠃ ᠡᠳ᠋ ᠪᠣᠳᠠᠰ᠂ ᠤᠶᠤᠨ ᠰᠠᠨᠠᠭ᠎ᠠ ᠵᠢᠴᠢ ᠴᠢᠨᠠᠷ ᠰᠠᠶᠢᠲᠠᠢ ᠤᠯᠠᠨ | ᠨᠡᠶᠢᠲᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠵᠡᠷᠭᠡ ᠡᠯᠧᠮᠧᠨ᠋ᠲ ᠢ ᠨᠢᠭᠡᠳᠦᠯᠲᠡᠢ ᠲᠥᠯᠥᠪᠵᠢᠭᠦᠯᠦᠨ | ᠪᠣᠳᠣᠯᠬᠢᠯᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠪᠢ ᠬᠤᠷᠠᠮᠳᠤᠭᠤᠯᠵᠤ ᠰᠣᠯᠢᠬᠤ ᠠᠷᠭ᠎ᠠ ᠶᠢ ᠲᠦᠷᠭᠡᠨ | ᠲᠣᠭᠲᠠᠭᠠᠵᠤ᠂ ᠥᠷᠭᠡᠨ ᠤᠯᠠᠨ ᠲᠦᠮᠡᠨ ᠤ ᠰᠠᠶᠢᠨ ᠰᠠᠶᠢᠬᠠᠨ ᠢ ᠬᠥᠭᠡᠭᠡᠴᠡᠯᠳᠦᠬᠦ ᠳᠤ ᠬᠠᠯᠠᠭᠤᠨ ᠶᠠᠪᠤᠳᠠᠯ ᠬᠢᠬᠦ ᠶᠢ | ᠵᠣᠷᠢᠭᠵᠢᠭᠤᠯᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ | ᠬᠡᠷᠡᠭᠲᠡᠢ ᠭᠡᠵᠤ ᠬᠡᠯᠡᠪᠡ᠃ | |