ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 150 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/21
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 150 ᠳ᠋ᠤᠭᠠᠷ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ᠂ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂  ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠪᠢᠴᠢᠭ ᠢᠶᠠᠷ ᠤᠯᠠᠮᠵᠢᠯᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠪᠢᠴᠢᠭ ᠢᠶᠠᠷ ᠤᠯᠠᠮᠵᠢᠯᠠᠪᠠ︔ ᠲᠣᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ 2024 ᠣᠨ ᠤ ᠠᠵᠢᠯ ᠤᠨ ᠳ᠋ᠦᠩᠨᠡᠯᠲᠡ ᠪᠠ 2025 ᠣᠨ ᠤ ᠠᠵᠢᠯ ᠤᠨ ᠲᠥᠯᠥᠪᠯᠡᠭᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠭᠦᠸᠧ ᠢ ᠵᠢᠶᠧ ᠬᠡᠯᠡᠭᠰᠡᠨ ᠨᠢ᠂ ᠬᠠᠶᠢᠷᠤᠪ ᠤᠨ ᠲᠤᠬᠤᠢ ᠲᠣᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠢᠯᠡᠳᠦᠯᠭᠡ ᠶᠢᠨ ᠱᠠᠭᠠᠷᠳᠠᠯᠭ᠎ᠠ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠠᠵᠤ ᠠᠬᠤᠢ ᠶᠢᠨ ᠠᠵᠢᠯ ᠤᠨ ︽ᠲᠠᠪᠤᠨ ᠬᠤᠣᠰ ᠴᠢᠬᠤᠯᠠ ᠬᠠᠷᠢᠴᠠᠭ᠎ᠠ︾᠎ ᠶᠢ ᠠᠷᠭ᠎ᠠ ᠶᠢᠨ ᠤᠨᠤᠯ ᠤᠨ ᠵᠢᠯᠣᠭᠤᠳᠬᠤ ᠠᠵᠢᠯ ᠪᠣᠯᠭᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠴᠢᠨᠠᠷ ᠰᠠᠶᠢᠲᠠᠢ ᠬᠥᠭᠵᠢᠯᠲᠡ ᠪᠠᠷ ᠪᠦᠬᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠠᠵᠢᠯ ᠤᠨ ᠡᠯ᠎ᠡ ᠲᠠᠯ᠎ᠠ ᠳᠤ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ︽ᠬᠠᠳᠤᠨ ᠭᠤᠣᠯ ᠳᠠᠭᠠᠤ ᠶᠢᠨ ᠬᠠᠶᠢᠷᠤᠪ ᠤᠨ ᠲᠤᠬᠤᠢ ᠶᠢᠨ ᠠᠨᠠᠷ ᠤᠨ ᠤᠯᠠᠭᠠᠨ︾᠂ ︽ᠬᠠᠮᠲᠤ ᠪᠠᠷ ᠨᠢᠭᠡ ᠭᠡᠷ ᠤᠨ ᠬᠥᠮᠦᠨ ᠮᠡᠲᠦ ᠳᠣᠲᠣᠨᠣ︾ ᠵᠡᠷᠭᠡ ᠤᠨᠴᠠᠯᠢᠬᠳᠤ ᠲᠦᠷᠦᠯ ᠲᠡᠮᠳᠡᠭ ᠢ ᠴᠢᠨᠠᠭᠰᠢᠳᠠ ᠲᠡᠰ ᠳᠡᠪᠰᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠲᠤᠰᠬᠠᠢ ᠵᠠᠰᠠᠯᠲᠠ ᠶᠢ ᠭᠦᠨᠵᠡᠭᠡᠶᠢᠷᠡᠭᠦᠯᠬᠦ ᠪᠠ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠶᠢ ᠭᠦᠨᠵᠡᠭᠡᠶᠢᠷᠡᠭᠦᠯᠬᠦ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠵᠡᠷᠭᠡ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠠᠵᠢᠯᠯᠠᠭᠠᠨ ᠪᠠ ᠤᠯᠤᠰ ᠲᠦᠷᠦ ᠬᠠᠤᠯᠢ ᠴᠠᠭᠠᠵᠠ ᠶᠢᠨ ᠤᠶᠤᠨᠴᠢᠯᠠᠭᠰᠠᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠳᠬᠤᠵᠤ᠂ ᠪᠦᠬᠦ ᠲᠤᠭᠤᠷᠢᠭ ᠤᠨ ᠤ ᠤᠯᠤᠰ ᠲᠦᠷᠦ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠢᠪᠲᠤᠯᠬᠤ ᠪᠠ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠭᠤᠣᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠨᠠᠶᠢᠳᠠᠪᠤᠷᠢᠵᠢᠭᠤᠯᠤᠯᠲᠠ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠬᠠᠯᠠᠮᠰᠢᠯ ᠠᠰᠠᠭᠤᠳᠠᠯ᠂ ᠠᠵᠢᠯ ᠤᠨ ᠳᠤᠮᠳᠠ ᠣᠷᠣᠰᠢᠵᠤ ᠪᠠᠶᠢᠭ᠎ᠠ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ︽ᠤᠳᠠᠭᠠᠨ ᠪᠦᠳᠦᠭᠦᠯᠢᠭ︾ ᠵᠡᠷᠭᠡ ᠲᠣᠪᠤᠶᠢᠮ᠎ᠠ ᠠᠰᠠᠭᠤᠳᠠᠯ ᠤᠨ ᠲᠣᠭᠤᠷᠢᠨ ᠳᠤ ᠬᠢᠨᠠᠯᠲᠠ ᠲᠠᠯᠪᠢᠬᠤ ᠶᠢ ᠭᠤᠤᠯᠳᠠᠯᠭ᠎ᠠ ᠲᠠᠢ ᠥᠷᠨᠢᠭᠦᠯᠵᠦ᠂ ᠠᠰᠠᠭᠤᠳᠠᠯ ᠤᠨ ᠰᠦᠪᠡᠭᠴᠢ ᠶᠢ ᠴᠠᠭ ᠲᠤᠬᠠᠶ ᠳᠤᠨᠢ ᠰᠢᠯᠵᠢᠭᠦᠯᠦᠨ ᠲᠤᠰᠢᠶᠠᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠪᠡ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号