ᠣᠶᠢᠷ᠎ᠠ ᠶᠢᠨ ᠬᠤᠭᠤᠴᠠᠭᠠᠨ ᠳᠤ᠂ ᠭᠠᠯ ᠤᠨ ᠠᠶᠤᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ | ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠬᠢᠨ | ᠪᠦᠬᠦ ᠲᠤᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠵᠤ᠂ ᠤᠯᠠᠨ ᠲᠦᠮᠡᠨ ᠤ ᠳᠡᠷᠭᠡᠳᠡᠬᠢ ᠠᠮᠤᠷ ᠲᠦᠪᠰᠢᠨ ᠤ ᠭᠡᠮ | ᠰᠣᠭᠤᠭ ᠢ ᠦᠨᠡᠨᠬᠦ ᠠᠷᠢᠯᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ ᠶᠤᠮ᠃ | | 3 ᠰᠠᠷ᠎ᠠ ᠶᠢᠨ 17 ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠲᠤᠰᠬᠠᠶ ᠰᠡᠳᠦᠪᠲᠦ ᠬᠤᠷᠠᠯ | ᠬᠤᠷᠠᠯᠳᠤᠭᠤᠯᠵᠤ᠂ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ 20 ᠰᠠᠯᠠᠭ᠎ᠠ ᠮᠥᠴᠢᠷ ᠬᠤᠷᠠᠯ ᠳᠤ ᠣᠷᠣᠯᠴᠠᠵᠤ᠂ ᠲᠣᠰ | ᠤᠳᠠᠭᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠬᠠᠮᠲᠤ ᠪᠠᠷ | ᠪᠠᠶᠢᠷᠢᠯᠠᠭᠤᠯᠪᠠ᠃ ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠴᠡᠭᠴᠡᠯᠡᠨ ᠵᠠᠰᠠᠬᠤ ᠲᠥᠰᠦᠯ ᠢ ᠬᠠᠮᠲᠤᠷᠠᠨ | ᠲᠣᠭᠲᠠᠭᠠᠵᠤ᠂ ︽ᠨᠠᠢᠮᠠᠨ ᠶᠡᠭᠡ ᠬᠦᠷᠢᠶ᠎ᠡ ᠴᠠᠷᠠᠭ᠎ᠠ︾᠂ ︽ᠶᠢᠰᠦᠨ ᠪᠠᠭ᠎ᠠ ᠲᠠᠯᠠᠪᠤᠷ︾ ᠵᠢᠴᠢ ᠣᠷᠣᠨ | ᠰᠠᠭᠤᠴᠠ ᠶᠢᠨ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ | ᠲᠤᠰᠬᠠᠶ ᠴᠡᠭᠴᠡᠯᠡᠨ ᠵᠠᠰᠠᠯᠲᠠ ᠶᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ ᠠᠵᠢᠯ ᠲᠥᠷᠥᠯ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ | ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭ᠎ᠠ ᠬᠡᠷᠡᠭᠵᠢᠭᠦᠯᠬᠦ ᠪᠠᠷ | ᠳᠠᠮᠵᠢᠭᠤᠯᠤᠨ᠂ ᠬᠠᠶᠢᠷᠤᠪ ᠤᠨ ᠲᠣᠬᠤᠢ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠬᠢᠵᠢᠭᠦᠯᠦᠨ᠎ᠡ᠃ | | ᠭᠠᠯ ᠤᠨᠲᠠᠷᠠᠭᠠᠬᠤ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠪᠦᠬᠦᠨ ᠢ ᠪᠦᠷᠬᠦᠭᠦᠯᠬᠦ᠂ ᠪᠠᠯᠠᠶ ᠣᠷᠣᠨ | ᠥᠬᠡᠶ ᠪᠣᠯᠭᠠᠬᠤ ᠶᠢ ᠪᠡᠶᠡᠯᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ᠨᠠᠷᠢᠨ ᠨᠢᠮᠪᠠᠶ ᠲᠥᠰᠦᠯ | ᠲᠣᠭᠲᠠᠭᠠᠪᠠ᠃ ᠠᠳᠠᠯᠢ ᠪᠤᠰᠤ ᠠᠵᠢᠯ ᠲᠥᠷᠥᠯ ᠤᠨ ᠬᠦᠷᠢᠶᠡᠨ ᠳᠤ ᠴᠢᠭᠯᠡᠭᠦᠯᠦᠨ᠂ ᠠᠳᠠᠯᠢ ᠪᠤᠰᠤ ᠴᠡᠭᠴᠡᠯᠡᠨ | ᠵᠠᠰᠠᠬᠤ ᠴᠠᠭ ᠢ ᠲᠣᠳᠣᠷᠬᠠᠶᠢᠯᠠᠭᠰᠠᠨ ᠤ ᠬᠠᠮᠲᠤ ᠴᠡᠭᠴᠡᠯᠡᠨ ᠵᠠᠰᠠᠬᠤ ᠭᠤᠤᠯᠳᠠᠯᠭ᠎ᠠ ᠲᠠᠢ ᠡᠭᠦᠷᠭᠡ ᠶᠢ ᠲᠠᠰᠤᠷᠠᠯᠲᠠ | ᠥᠬᠡᠶ ᠨᠠᠷᠢᠯᠢᠬᠵᠢᠭᠤᠯᠪᠠ᠃ ᠡᠭᠦᠨ ᠤ ᠬᠠᠮᠲᠤ᠂ ᠨᠡᠶᠢᠲᠡᠯᠢᠭ ᠴᠢᠨᠠᠷᠲᠠᠶ ᠳᠠᠯᠳᠠ ᠭᠡᠮ ᠢ ᠦᠨᠳᠦᠰᠦᠯᠡᠨ᠂ ᠳᠥᠭᠦᠮ | ᠣᠶᠢᠯᠠᠭᠠᠮᠵᠢᠲᠠᠶ᠂ ᠠᠵᠢᠯᠯᠠᠭᠠᠨ ᠤ ᠴᠢᠨᠠᠷ ᠢᠶᠠᠷ ᠴᠢᠩᠭ᠎ᠠ ᠪᠠᠶᠢᠴᠠᠭᠠᠯᠲᠠ ᠶᠢᠨ ᠲᠡᠮᠳᠡᠭᠯᠡᠯ ᠤᠨ ᠬᠦᠰᠦᠨᠦᠭᠲᠦ ᠶᠢ | ᠲᠣᠭᠲᠠᠭᠠᠵᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠪᠠᠶᠢᠴᠠᠭᠠᠭᠰᠠᠨ ᠲᠡᠮᠳᠡᠭᠯᠡᠯ ᠤᠨ ᠬᠦᠰᠦᠨᠦᠭᠲᠦ ᠶᠢ ᠨᠡᠶᠢᠲᠡᠯᠡᠮᠡᠭᠴᠡ ᠡᠯ᠎ᠡ ᠰᠠᠯᠠᠭ᠎ᠠ ᠮᠥᠴᠢᠷ ᠲᠡᠷᠡ ᠳᠠᠷᠤᠶ ᠳᠤᠨᠢ | ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠦᠳᠲᠡᠷ ᠲᠦᠷᠭᠡᠨ | ᠥᠷᠨᠢᠭᠦᠯᠬᠦ ᠬᠡᠷᠡᠭᠲᠡᠶ᠃ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠭᠠᠵᠠᠷ᠂ | ᠡᠮᠨᠡᠯᠭᠡ ᠶᠢᠨ ᠬᠤᠷᠢᠶ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠵᠢᠵᠢᠭ ᠲᠣᠭᠤᠷᠢᠭ ᠤᠨ | ᠭᠠᠯ ᠤᠨᠲᠠᠷᠠᠭᠠᠬᠤ ᠵᠠᠮ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠴᠥᠮ ᠠᠳᠠᠯᠢ ᠪᠤᠰᠤ ᠬᠡᠮᠵᠢᠶᠡᠨ ᠤ ᠭᠠᠯ | ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠢᠯᠡᠷᠡᠭᠦᠯᠦᠭᠰᠡᠨ ᠪᠠᠶᠢᠨ᠎ᠠ᠃ | | | ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠡᠯ᠎ᠡ ᠲᠠᠯ᠎ᠠ ᠶᠢᠨ ᠡᠬᠢ ᠪᠠᠶᠠᠯᠢᠭ ᠢ ᠦᠳᠲᠡᠷ | ᠲᠦᠷᠭᠡᠨ ᠲᠤᠬᠢᠷᠠᠭᠤᠯᠵᠤ᠂ ᠲᠤᠰᠬᠠᠢ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ᠂ ᠡᠳᠡᠭᠡᠷ ᠭᠠᠯ | ᠤᠨᠲᠠᠷᠠᠭᠠᠬᠤ ᠭᠡᠮ ᠰᠣᠭᠤᠭ ᠢ ᠬᠡᠪᠢᠰ ᠮᠠᠶ᠋ᠢᠭ ᠤᠨ ᠪᠠᠶᠢᠴᠠᠭᠠᠯᠲᠠ ᠬᠢᠵᠦ᠂ ᠡᠯ᠎ᠡ ᠲᠦᠷᠦᠯ ᠤᠨ ᠠᠶᠤᠯ | ᠲᠦᠭᠰᠢᠭᠦᠷᠢ ᠶᠢ ᠦᠨᠡᠨ ᠬᠦ ᠠᠷᠢᠯᠭᠠᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ | ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃ | | | ᠬᠠᠶᠢᠷᠤᠪ ᠤᠨ ᠲᠤᠬᠤᠢ ᠲᠣᠭᠤᠷᠢᠭ ᠤᠷᠳᠤ ᠬᠤᠭᠤᠴᠠᠭᠠᠨ ᠤ ᠪᠦᠲᠦᠮᠵᠢᠲᠡᠢ ᠮᠥᠷᠳᠡᠬᠦ ᠲᠣᠭᠲᠠᠴᠠ ᠶᠢ | ᠪᠠᠶᠢᠭᠤᠯᠵᠤ᠂ ᠲᠤᠰᠬᠠᠢ ᠬᠥᠮᠦᠨ ᠲᠤᠬᠢᠷᠠᠭᠤᠯᠤᠨ ᠲᠤᠰ ᠤᠳᠠᠭ᠎ᠠ ᠶᠢᠨ ᠲᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠶᠢᠨ ᠠᠬᠢᠴᠠ ᠶᠢ ᠡᠳᠦᠷ ᠪᠦᠷᠢ ᠱᠠᠯᠠᠪᠳᠠᠭᠤᠯᠤᠨ ᠪᠠᠶᠢᠴᠠᠭᠠᠵᠤ᠂ ᠭᠠᠷᠠᠭ ᠪᠦᠷᠢ ᠬᠤᠷᠢᠶᠠᠩᠭᠤᠶᠢᠯᠠᠨ᠎ᠠ᠃ | ᠵᠢᠭᠰᠠᠭᠠᠨ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠤ ᠳᠠᠯᠳᠠ ᠭᠡᠮ ᠳᠤ ᠴᠢᠭᠯᠡᠭᠦᠯᠦᠨ᠂ ︽ᠠᠵᠢᠯᠲᠠᠨ | ᠲᠣᠭᠲᠠᠭᠠᠬᠤ᠂ ᠠᠷᠭ᠎ᠠ ᠬᠡᠮᠵᠢᠶ᠎ᠡ ᠲᠣᠭᠲᠠᠭᠠᠬᠤ᠂ ᠴᠠᠭ ᠤᠨ ᠬᠢᠵᠠᠭᠠᠷ ᠲᠣᠭᠲᠠᠭᠠᠬᠤ︾ ᠱᠠᠭᠠᠷᠳᠠᠯᠭ᠎ᠠ ᠶᠢ ᠴᠢᠩᠭ᠎ᠠ | ᠵᠢᠷᠤᠮᠯᠠᠨ᠂ ᠡᠯ᠎ᠡ ᠵᠦᠢᠯ ᠤᠨ ᠳᠠᠯᠳᠠ ᠬᠡᠮ ᠢ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ | ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠣᠶ ᠪᠣᠯᠭᠠᠬᠤ ᠬᠡᠷᠡᠭᠲᠡᠶ᠃ | |