︽ᠬᠠᠶᠢᠷᠤᠪ ᠤᠨ ᠲᠤᠬᠤᠢ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ︿ᠤᠰᠤ | ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ | ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠶᠢ ᠢᠮᠠᠭᠲᠠ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︿ᠤᠰᠤ ᠠᠷᠪᠢᠯᠠᠬᠤ ᠠᠵᠢᠯᠯᠠᠭ᠎ᠠ﹀ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ | ᠲᠤᠭᠤᠷᠢᠭ ᠤᠨ ᠤᠰᠤ ᠠᠷᠪᠢᠯᠠᠬᠤ ᠠᠵᠢᠯ ᠤᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ ᠣᠲᠣ ᠪᠣᠯᠲᠠᠯ᠎ᠠ᠂ | ᠬᠠᠷᠢᠶ᠎ᠠ ᠣᠷᠣᠨ ᠤ 53 ᠠᠵᠤ ᠤᠶᠢᠯᠡᠤᠡᠪᠤᠷᠢ ᠶᠢᠨ ᠠᠵᠤ ᠠᠬᠤᠶᠢᠯᠠᠯ ᠤᠰᠤ ᠬᠡᠷᠡᠭᠯᠡᠬᠦ ᠶᠢ ᠰᠦᠯᠵᠢᠶᠡᠨ ᠳᠡᠭᠡᠷ᠎ᠡ | ᠬᠢᠨᠠᠨ ᠬᠡᠮᠵᠢᠬᠦ ᠶᠢ ᠪᠡᠶᠡᠯᠡᠭᠦᠯᠵᠦ᠂ ᠠᠵᠤ ᠤᠶᠢᠯᠡᠤᠡᠪᠤᠷᠢ ᠶᠢᠨ ᠤᠰᠤ ᠬᠡᠷᠡᠭᠯᠡᠬᠦ ᠶᠢ ᠳᠠᠬᠢᠨ ᠳᠠᠪᠲᠠᠨ ᠠᠰᠢᠭᠯᠠᠬᠤ | ᠨᠣᠷᠮ᠎ᠠ 90% ᠳᠤ ᠬᠦᠷᠴᠦ᠂ ᠠᠵᠤ ᠠᠬᠤᠶᠢᠯᠠᠯ ᠤᠨ ᠤᠶᠢᠯᠡᠤᠡᠪᠤᠷᠢᠯᠡᠯ ᠤᠨ ᠥᠪᠡᠷ ᠤᠨ ᠥᠷᠲᠡᠭ ᠢ | ᠪᠦᠲᠦᠮᠵᠢᠲᠡᠶ ᠪᠠᠭᠤᠷᠠᠭᠤᠯᠪᠠ᠃ 6543 ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠥᠭᠡᠷᠡᠴᠢᠯᠡᠬᠦ | ᠡᠭᠦᠷᠭᠡ ᠪᠠᠨ ᠤᠷᠤᠭᠰᠢᠲᠠᠶ ᠪᠡᠶᠡᠯᠡᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ | ᠶᠡᠭᠡ ᠪᠠᠷ ᠨᠡᠮᠡᠭᠳᠡᠨ᠂ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ | 0.62 ᠪᠣᠯᠵᠣ᠂ ᠲᠠᠷᠢᠶᠠᠯᠠᠩ ᠤᠨ ᠦᠢᠯᠡᠳᠪᠦᠷᠢᠯᠡᠯ ᠢ ᠪᠠᠲᠤᠯᠠᠬᠤ ᠶᠢᠨ ᠬᠠᠮᠲᠤ ᠤᠰᠤᠨ ᠤ ᠡᠬᠢ ᠪᠠᠶᠠᠯᠢᠭ ᠢ | ᠪᠦᠷᠢᠯᠭᠡᠬᠦ ᠶᠢ ᠤᠯᠠᠮ ᠨᠢᠭᠡ ᠠᠯᠬᠤᠮ ᠰᠡᠷᠭᠡᠶᠢᠯᠡᠪᠡ᠃ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠪᠠ ᠤᠰᠤ | ᠬᠠᠩᠭᠠᠬᠤ ᠬᠤᠭᠤᠯᠠᠶ ᠶᠢᠨ ᠲᠣᠤᠷ ᠢ ᠰᠢᠨᠡᠳᠬᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠬᠤᠲᠠ ᠪᠠᠯᠭᠠᠰᠤ ᠶᠢᠨ | ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠢ 56.3 ᠺᠢᠯᠤᠮᠧᠲᠷ ᠥᠭᠡᠷᠡᠴᠢᠯᠡᠵᠦ᠂ ᠬᠤᠲᠠ | ᠪᠠᠯᠭᠠᠰᠤ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠵᠤ ᠰᠦᠢᠳᠬᠦ | ᠨᠣᠷᠮ᠎ᠠ ᠶᠢ 8.97% ᠳᠤ ᠬᠦᠷᠦᠭᠦᠯᠵᠦ᠂ ᠤᠯᠤᠰ ᠤᠨ ᠡᠭᠦᠷᠭᠡ ᠶᠢᠨ ᠬᠠᠷᠠᠯᠲᠠ ᠶᠢᠨ ᠱᠠᠭᠠᠷᠳᠠᠯᠭ᠎ᠠ ᠶᠢ | ᠤᠷᠢᠳᠴᠢᠯᠠᠨ ᠪᠡᠶᠡᠯᠡᠭᠦᠯᠪᠡ︾᠃ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠲᠣᠭᠤᠷᠢᠭ ᠤᠨ ᠳᠠᠷᠤᠭ᠎ᠠ ᠼᠦᠢ ᠬᠤᠩ ᠪᠥᠸᠧ ᠰᠤᠷᠪᠤᠯᠵᠢᠯᠠᠭᠴᠢ ᠶᠢᠨ ᠲᠤᠰᠬᠠᠶ | ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠪᠡ᠃ | ᠼᠦᠢ ᠬᠤᠩ ᠪᠥᠸᠧ ᠢᠯᠡᠷᠬᠡᠶᠢᠯᠡᠬᠦ ᠳᠡᠭᠡᠨ᠂ 2025 ᠣᠨ ᠳᠤ᠂ ᠬᠠᠶᠢᠷᠤᠪ ᠤᠨ ᠲᠣᠬᠤᠶ ᠲᠣᠭᠤᠷᠢᠭ ᠤᠨ | ᠤᠰᠤ ᠠᠷᠪᠢᠯᠠᠬᠤ ᠠᠵᠢᠯ ᠨᠢ ᠭᠤᠤᠯᠳᠠᠭᠤ ᠠᠵᠤ ᠤᠶᠢᠯᠡᠤᠡᠪᠤᠷᠢ ᠶᠢᠨ ᠤᠰᠤ ᠬᠡᠷᠡᠭᠯᠡᠬᠦ ᠶᠢ ᠳᠠᠬᠢᠨ ᠳᠠᠪᠲᠠᠨ | ᠠᠰᠢᠭᠯᠠᠬᠤ ᠨᠣᠷᠮ᠎ᠠ ᠶᠢ ᠳᠡᠭᠡᠭᠰᠢᠯᠡᠭᠦᠯᠬᠦ᠂ ᠲᠠᠷᠢᠶᠠᠯᠠᠩ ᠤᠨ ᠤᠰᠤ ᠠᠷᠪᠢᠯᠠᠬᠤ ᠶᠢ ᠭᠦᠨᠵᠡᠭᠡᠶᠢᠷᠡᠭᠦᠯᠬᠦ᠂ ᠬᠤᠲᠠ | ᠪᠠᠯᠭᠠᠰᠤᠨ ᠤ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠬᠤ ᠨᠣᠷᠮ᠎ᠠ ᠶᠢ ᠪᠠᠭᠤᠷᠠᠭᠤᠯᠬᠤ ᠵᠡᠷᠭᠡ | ᠲᠠᠯ᠎ᠠ ᠪᠠᠷ ᠭᠦᠨᠵᠡᠭᠡᠶᠢᠷᠡᠨ ᠠᠬᠢᠭᠤᠯᠤᠨ᠎ᠠ᠃ ᠨᠢᠭᠡ ᠳᠤ ᠠᠵᠤ ᠦᠢᠯᠡᠳᠪᠦᠷᠢ ᠶᠢᠨ ᠤᠰᠤ ᠠᠷᠪᠢᠯᠠᠵᠤ ᠦᠷ᠎ᠡ ᠠᠰᠢᠭ ᠢ | ᠨᠡᠮᠡᠭᠳᠡᠭᠦᠯᠬᠦ ᠶᠢ ᠴᠢᠩᠭᠠᠳᠬᠠᠨ᠎ᠠ᠃ ᠤᠰᠤ ᠬᠡᠷᠡᠭᠯᠡᠬᠦ ᠨᠣᠷᠮ᠎ᠠ ᠲᠣᠭᠲᠠᠭᠠᠨ ᠬᠠᠮᠢᠶᠠᠷᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠵᠢᠯ ᠤᠨ ᠡᠴᠦᠰ ᠪᠣᠯᠬᠤ ᠳᠤ᠂ ᠬᠠᠶᠢᠷᠤᠪ ᠤᠨ ᠲᠣᠬᠤᠢ ᠲᠣᠭᠤᠷᠢᠭ ᠤᠨ ᠤᠰᠤ ᠶᠡᠭᠡ | ᠬᠤᠷᠣᠭᠳᠠᠭᠤᠯᠬᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠳᠠᠭᠠᠭᠤᠯᠬᠤ ᠶᠢᠨ ᠬᠠᠮᠲᠤ᠂ | ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠨ ᠪᠠᠷᠢᠮᠵᠢᠶ᠎ᠠ ᠪᠠᠷ ᠤᠰᠤᠨ ᠤ ᠲᠥᠰᠦᠪ ᠤᠨ ᠬᠠᠮᠢᠶᠠᠷᠤᠯᠲᠠ ᠶᠢ | ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠵᠤ᠂ | ᠰᠢᠭᠰᠢᠭᠳᠡᠭᠦᠯᠬᠦ ᠲᠥᠷᠥᠯ ᠤᠨ ᠭᠠᠷᠴᠠᠭ ᠲᠤ ᠵᠢᠭᠰᠠᠭᠠᠨ ᠣᠷᠣᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠤᠰᠤ ᠲᠠᠲᠠᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠴᠠᠭᠠᠵᠠᠯᠠᠨ᠎ᠠ᠃ ᠡᠭᠦᠨ ᠤ ᠬᠠᠮᠲᠤ᠂ ᠤᠰᠤ | ᠠᠷᠪᠢᠯᠠᠬᠤ ᠤᠷ᠎ᠠ ᠮᠡᠷᠭᠡᠰᠢᠯ ᠪᠣᠯᠤᠨ ᠲᠡᠷᠢᠭᠦᠨ ᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ 2 ᠠᠵᠤ ᠠᠬᠤᠶᠢᠯᠠᠯ ᠤᠨ | ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ | ᠠᠵᠤ ᠦᠢᠯᠡᠳᠪᠦᠷᠢ ᠶᠢᠨ ᠠᠵᠤ ᠠᠬᠤᠶᠢᠯᠠᠯ ᠢ 9 ᠪᠠᠶᠢᠭᠤᠯᠵᠤ᠂ ᠤᠰᠤ ᠠᠷᠪᠢᠯᠠᠬᠤ ᠦᠷ᠎ᠡ ᠪᠦᠲᠦᠮᠵᠢ ᠪᠠᠷ | ᠢᠯᠡᠳᠲᠡ ᠠᠵᠤ ᠠᠬᠤᠶᠢᠯᠠᠯ ᠢ ᠱᠠᠩᠨᠠᠨ ᠬᠥᠬᠢᠭᠦᠯᠵᠦ᠂ ᠤᠰᠤ ᠠᠪᠴᠤ ᠬᠡᠷᠡᠭᠯᠡᠬᠦ ᠬᠦᠷᠢᠶᠡᠨ ᠳᠠᠬᠢ ᠢᠲᠡᠭᠡᠮᠵᠢ ᠶᠢᠨ | ᠦᠨᠡᠯᠡᠯᠲᠡ ᠶᠢᠨ ᠠᠵᠢᠯ ᠢ ᠥᠷᠨᠢᠭᠦᠯᠵᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠲᠦᠯᠬᠢᠨ ᠠᠬᠢᠭᠤᠯᠤᠨ᠎ᠠ᠃ ᠬᠤᠶᠠᠷ ᠲᠤ᠂ ᠲᠠᠷᠢᠶᠠᠯᠠᠩ ᠤᠨ ᠤᠰᠤ | ᠠᠷᠪᠢᠯᠠᠬᠤ ᠪᠣᠭᠤᠮᠲᠠ ᠰᠢᠪᠲᠤᠯᠬᠤ ᠶᠢ ᠠᠬᠢᠭᠤᠯᠪᠠ᠃ ᠲᠠᠷᠢᠶᠠᠯᠠᠩ ᠤᠨ ᠤᠰᠤ ᠬᠡᠷᠡᠭᠯᠡᠬᠦ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠭᠠᠵᠠᠷ ᠰᠢᠷᠣᠶ ᠶᠢ ᠰᠣᠩᠭᠤᠨ ᠬᠡᠰᠡᠭ ᠣᠷᠣᠨ᠂ ᠵᠣᠬᠢᠬᠤ | ᠬᠡᠪᠴᠢᠶ᠎ᠡ ᠲᠠᠢ ᠲᠠᠷᠢᠶᠠᠯᠠᠩ ᠤᠨ ᠠᠵᠤ ᠠᠬᠤᠶᠢᠯᠠᠯ ᠤᠨ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠥᠷᠨᠢᠭᠦᠯᠵᠦ᠂ | ᠪᠦᠬᠦ ᠣᠷᠣᠨ ᠪᠦᠰᠡ ᠶᠢᠨ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢ ᠬᠡᠷᠡᠭᠵᠢᠭᠦᠯᠦᠨ᠎ᠡ᠃ ᠭᠤᠷᠪᠠ ᠳᠤ᠂ | ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠴᠢᠩᠭᠠᠷᠠᠭᠤᠯᠤᠨ᠎ᠠ᠃ ᠬᠠᠷᠢᠶᠠᠲᠤ ᠣᠷᠣᠨ ᠤ | ᠬᠡᠪᠴᠢᠶᠡᠨ ᠳᠣᠲᠣᠷᠠᠬᠢ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠢ ᠪᠥᠬᠦ ᠲᠠᠯ᠎ᠠ ᠪᠠᠷ | ᠤᠶᠢᠯᠠᠭᠠᠨ ᠵᠢᠭᠰᠠᠭᠠᠵᠤ᠂ ︽ᠳᠥᠷᠪᠡᠨ ᠲᠥᠷᠥᠯ ᠤᠨ ᠬᠤᠭᠤᠯᠠᠶ ᠶᠢᠨ ᠲᠣᠤᠷ ᠢ ᠥᠭᠡᠷᠡᠴᠢᠯᠡᠬᠦ︾ ᠢᠨᠵᠧᠨᠧᠷᠢᠩ ᠢ | ᠭᠦᠨᠵᠡᠭᠡᠶ ᠬᠡᠷᠡᠭᠵᠢᠭᠦᠯᠦᠨ᠎ᠡ᠃ ᠡᠭᠦᠨ ᠤ ᠬᠠᠮᠲᠤ᠂ ᠨᠥᠬᠦᠴᠡᠯ ᠳᠤ ᠨᠡᠶᠢᠴᠡᠬᠦ ᠬᠠᠭᠤᠴᠢᠨ ᠬᠤᠷᠢᠶᠠᠯᠠᠯ ᠳᠤ | ᠦᠷᠭᠦᠯᠵᠢᠯᠡᠨ ᠥᠭᠡᠷᠡᠴᠢᠯᠡᠯᠲᠡ ᠬᠢᠵᠦ᠂ ᠬᠤᠲᠠ ᠪᠠᠯᠭᠠᠰᠤᠨ ᠤ ᠣᠯᠠᠨ ᠨᠡᠶᠢᠲᠡ ᠶᠢᠨ ᠤᠰᠤ ᠬᠠᠩᠭᠠᠬᠤ | ᠬᠤᠭᠤᠯᠠᠶ ᠶᠢᠨ ᠲᠣᠤᠷ ᠤᠨ ᠭᠤᠭᠤᠵᠢᠵᠤ ᠰᠦᠢᠳᠬᠦ ᠨᠣᠷᠮ᠎ᠠ ᠶᠢ 8.5% ᠪᠣᠯᠲᠠᠯ᠎ᠠ ᠪᠠᠭᠤᠷᠠᠭᠤᠯᠬᠤ ᠶᠢᠨ ᠬᠠᠮᠲᠤ | ᠤᠰᠤ ᠠᠷᠪᠢᠯᠠᠬᠤ ᠬᠡᠯᠪᠡᠷᠢ ᠶᠢᠨ ᠡᠮᠨᠡᠯᠭᠡ ᠶᠢᠨ ᠬᠤᠷᠢᠶ᠎ᠠ 2᠂ ᠤᠰᠤ ᠠᠷᠪᠢᠯᠠᠬᠤ ᠬᠡᠯᠪᠡᠷᠢ ᠶᠢᠨ ᠰᠤᠷᠭᠠᠭᠤᠯᠢ 5 ᠶᠢ | ᠪᠠᠶᠢᠭᠤᠯᠤᠨ᠎ᠠ᠃ ᠳᠥᠷᠪᠡ ᠳᠤ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠰᠦᠯᠵᠢᠶᠡᠨ | ᠳᠡᠭᠡᠷ᠎ᠡ᠂ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠲᠠᠪᠴᠠᠩ᠂ ᠠᠯᠪᠠᠨ ᠤ ᠰᠦᠯᠵᠢᠶ᠎ᠡ᠂ ᠣᠬᠤᠷ ᠸᠢᠳᠢᠣ᠋ | ᠵᠡᠷᠭᠡ ᠬᠡᠯᠪᠡᠷᠢ ᠪᠠᠷ ᠳᠠᠮᠵᠢᠭᠤᠯᠤᠨ ᠤᠰᠤ ᠠᠷᠪᠢᠯᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠭᠤᠯᠭ᠎ᠠ ᠶᠢ | ᠨᠡᠶᠢᠲᠡᠯᠡᠨ᠎ᠡ᠃ ᠰᠦᠯᠵᠢᠶᠡᠨ ᠭᠠᠳᠠᠨ᠎ᠠ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ ᠳᠤ ᠤᠰᠤ | ᠠᠷᠪᠢᠯᠠᠬᠤ ᠭᠤᠤᠯ ᠰᠡᠳᠦᠪᠲᠦ ᠠᠵᠢᠯᠯᠠᠭ᠎ᠠ ᠡᠷᠭᠢᠯᠡᠵᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ | ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢ ︽ᠤᠰᠤ ᠠᠷᠪᠢᠯᠠᠬᠤ ᠠᠵᠢᠯᠯᠠᠭ᠎ᠠ︾ ᠳᠤ ᠣᠷᠣᠯᠴᠠᠭᠤᠯᠵᠤ᠂ ᠪᠥᠬᠦ | ᠠᠷᠠᠳ ᠤᠨ ᠤᠰᠤ ᠠᠷᠪᠢᠯᠠᠬᠤ ᠶᠢ ᠦᠨᠡᠨ ᠬᠦ ᠪᠡᠶᠡᠯᠡᠭᠦᠯᠦᠨ᠎ᠡ ᠭᠡᠪᠡ᠃ | |