3 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ 2025 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠤᠷᠠᠯ ᠢ | ᠡᠷᠬᠢᠯᠡᠪᠡ᠃ | ᠬᠤᠷᠠᠯ ᠠᠴᠠ ︽ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ | ᠦᠵᠡᠯ ᠰᠠᠨᠠᠭᠠᠨ ᠤ ᠰᠠᠭᠤᠷᠢ ᠶᠢ ᠦᠨᠡᠨᠬᠦ ᠪᠠᠬᠢᠵᠢᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠨᠡ ᠤᠳᠠᠭ᠎ᠠ ᠶᠢᠨ ᠰᠤᠷᠤᠯᠴᠠᠯᠭ᠎ᠠ ᠬᠥᠮᠦᠵᠢᠯ ᠢ ᠪᠦᠯᠦᠭ ᠤᠳᠠᠭ᠎ᠠ ᠬᠤᠪᠢᠶᠠᠬᠤ ᠦᠭᠡᠢ᠂ | ᠱᠠᠳᠤ ᠬᠤᠪᠢᠶᠠᠬᠤ ᠦᠭᠡᠢ ᠪᠠᠶᠢᠯᠭᠠᠬᠤ ᠶᠢᠨ ᠵᠠᠩᠭᠢᠯᠠᠭ᠎ᠠ ᠨᠢ ᠬᠠᠷᠠᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ | ᠣᠨᠣᠪᠴᠢᠲᠠᠢ ᠡᠵᠡᠮᠳᠡᠵᠦ᠂ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠵᠤ᠂ | ᠰᠤᠷᠤᠯᠴᠠᠵᠤ ᠪᠠᠶᠢᠴᠠᠭᠠᠨ ᠥᠭᠡᠷᠡᠴᠢᠯᠡᠬᠦ ᠶᠢ ᠨᠢᠭᠡ ᠴᠤᠬᠴᠠᠵᠢᠭᠤᠯᠤᠨ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ | ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠶᠢᠨ ᠵᠠᠩᠭᠢᠯᠠᠭ᠎ᠠ ᠪᠣᠯᠤᠨ᠎ᠠ᠃ ᠡᠯ᠎ᠡ ᠱᠠᠲᠤᠨ ᠤ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ | ᠨᠠᠶᠢᠳᠠᠪᠤᠷᠢᠵᠢᠭᠤᠯᠵᠤ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠬᠦ᠂ ᠲᠣᠪᠴᠢ ᠠᠪᠰᠠᠷᠬᠠᠨ ᠢᠶᠠᠷ | ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠢ ᠨᠠᠮ ᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠲᠠᠢ ᠨᠢᠭᠡᠳᠦᠯᠲᠡᠢ | ᠲᠥᠯᠥᠪᠵᠢᠭᠦᠯᠵᠦ᠂ ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ᠃ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠡᠭᠦᠷ ᠢᠶᠠᠷ ᠨᠢᠭᠡᠴᠢ ᠪᠣᠯᠭᠠᠵᠤ᠂ ︽ | ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠲᠦᠷᠢᠮ ᠢ ᠭᠦᠢᠴᠡᠳ ᠬᠡᠷᠡᠭᠯᠡᠵᠦ᠂ ᠰᠡᠷᠡᠮᠵᠢᠯᠡᠭᠦᠯᠬᠦ ᠬᠥᠮᠦᠵᠢᠯ ᠢ | ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠢ ᠦᠨᠡᠨ ᠬᠦ ᠰᠠᠶᠢᠲᠤᠷ ᠥᠷᠨᠢᠭᠦᠯᠬᠦ ᠬᠡᠷᠡᠭᠲᠡᠢ᠃ ᠲᠦᠷᠦᠯ ᠬᠤᠪᠢᠶᠠᠨ | ᠵᠢᠯᠣᠭᠤᠳᠬᠤ ᠶᠢ ᠴᠢᠩᠭᠠᠳᠬᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠱᠠᠳᠤ ᠱᠠᠳᠤ ᠪᠠᠷ ᠨᠡᠮᠡᠬᠦ ᠦᠭᠡᠢ | ᠪᠠᠶᠢᠵᠤ᠂ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ | ᠬᠡᠷᠡᠭᠲᠡᠢ᠃ | ᠬᠤᠷᠠᠯ ᠠᠴᠠ ︽ᠬᠠᠶᠢᠷᠤᠪ ᠤᠨ ᠲᠤᠬᠤᠢ ᠲᠣᠭᠤᠷᠢᠭ ᠲᠤ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ ︵ᠬᠢᠨᠠᠨ ᠵᠥᠪᠯᠡᠬᠦ | ᠨᠤᠤᠷᠠᠭ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |