ᠬᠠᠶᠢᠷᠤᠪ ᠤᠨ ᠲᠤᠬᠤᠢ ᠲᠣᠭᠤᠷᠢᠭ ᠤᠨ ᠨᠢᠭᠡᠳᠦᠭᠡᠷ ᠤᠯᠠᠷᠢᠯ ᠤᠨ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2025/3/24
    2025 ᠣᠨ ᠤ ᠨᠢᠭᠡᠳᠦᠭᠡᠷ ᠤᠯᠠᠷᠢᠯ ᠳᠤ᠂ ᠬᠠᠶᠢᠷᠤᠪ ᠤᠨ ᠲᠣᠬᠤᠶ ᠲᠣᠭᠤᠷᠢᠭ ᠤᠨ ᠭᠠᠳᠠᠭᠠᠳᠤ ᠠᠷᠠᠯᠵᠢᠶᠠᠨ ᠤ ᠬᠥᠭᠵᠢᠯᠲᠡ ᠦᠷᠭᠦᠯᠵᠢᠯᠡᠨ ᠰᠠᠶᠢᠵᠢᠷᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠠᠳᠠᠯᠢ ᠬᠤᠭᠤᠴᠠᠭᠠᠨ ᠤ ᠬᠢ ᠠᠴᠠ ᠡᠶᠡᠷᠭᠦ ᠨᠡᠮᠡᠭᠳᠡᠬᠦ ᠶᠢ ᠪᠡᠶᠡᠯᠡᠭᠦᠯᠵᠦ᠂ ᠣᠷᠣᠨ ᠪᠦᠰᠡ ᠶᠢᠨ ᠠᠵᠤ ᠠᠬᠤᠶ ᠶᠢᠨ ᠬᠦᠴᠦᠷᠬᠡᠭ ᠶᠡᠭᠡ ᠤᠶᠠᠨ ᠬᠠᠳᠠᠨ ᠴᠢᠨᠠᠷ ᠪᠠ ᠠᠮᠢᠵᠢᠷᠠᠯ ᠤᠨ ᠬᠦᠴᠦᠨ ᠢ ᠢᠯᠡᠷᠡᠭᠦᠯᠪᠡ᠃ ᠡᠨᠡ ᠬᠦ ᠠᠮᠵᠢᠯᠲᠠ ᠪᠦᠲᠦᠮᠵᠢ ᠨᠢ ᠬᠠᠷᠢᠶ᠎ᠠ ᠣᠷᠣᠨ ᠤ ᠪᠠᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠠᠷᠮᠠᠭᠠᠶ ᠢᠯᠡᠷᠡᠯ ᠪᠠ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠦᠷ᠎ᠡ ᠪᠦᠲᠦᠮᠵᠢ ᠠᠴᠠ ᠪᠣᠯᠤᠭᠰᠠᠨ ᠶᠤᠮ᠃    ᠨᠢᠭᠡᠳᠦᠭᠡᠷ ᠤᠯᠠᠷᠢᠯ ᠳᠤ᠂ ᠬᠠᠶᠢᠷᠤᠪ ᠤᠨ ᠲᠤᠬᠤᠢ ᠲᠣᠭᠤᠷᠢᠭ ᠤᠨ ᠤᠯᠠᠨ ᠭᠤᠣᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠬᠦᠴᠦᠷᠬᠡᠭ ᠶᠡᠭᠡ ᠨᠡᠮᠡᠭᠳᠡᠯ ᠤᠨ ᠬᠠᠨᠳᠤᠰᠢ ᠶᠢ ᠢᠯᠡᠷᠡᠭᠦᠯᠪᠡ᠃ ᠬᠠᠶᠢᠷᠤᠪ ᠤᠨ ᠲᠣᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠪᠦᠷᠢᠳᠬᠡᠯ ᠢ ᠦᠨᠳᠦᠰᠦᠯᠡᠪᠡᠯ᠂ ᠣᠳᠣᠬᠠᠨ ᠪᠣᠯᠲᠠᠯ᠎ᠠ ᠬᠠᠶᠢᠷᠤᠪ ᠤᠨ ᠲᠣᠬᠤᠢ ᠲᠣᠭᠤᠷᠢᠭ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ ᠪᠠᠷᠤᠭ 4784.57 ᠲᠦᠮᠡᠨ ᠲᠥᠭᠦᠷᠢᠭ ᠠᠷᠠᠳ ᠤᠨ ᠵᠣᠭᠤᠰ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠷᠤᠭ 20621.39% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ ᠡᠶᠡᠷᠭᠦ ᠨᠡᠮᠡᠭᠳᠡᠬᠦ ᠶᠢ ᠪᠡᠶᠡᠯᠡᠭᠦᠯᠵᠦ᠂ ᠪᠦᠬᠦ ᠵᠢᠯ ᠤᠨ ᠡᠭᠦᠷᠭᠡ ᠶᠢᠨ 55.39% ᠶᠢ ᠪᠡᠶᠡᠯᠡᠭᠦᠯᠪᠡ᠃ ᠠᠡ ᠨᠢᠭᠡ ᠠᠮᠵᠢᠯᠲᠠ ᠨᠢ ᠣᠯᠠᠨ ᠲᠠᠯ᠎ᠠ ᠶᠢᠨ ᠡᠯᠧᠮᠧᠨ᠋ᠲ ᠤᠨ ᠬᠠᠮᠲᠤ ᠶᠢᠨ ᠤᠶᠢᠯᠡᠳᠤᠯ ᠠᠴᠠ ᠪᠤᠯᠵᠠᠶ᠃ ᠨᠢᠭᠡ ᠲᠠᠯ᠎ᠠ ᠪᠠᠷ᠂ ᠬᠠᠶᠢᠷᠤᠪ ᠤᠨ ᠲᠣᠬᠤᠢ ᠲᠣᠭᠤᠷᠢᠭ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢᠨ ᠱᠠᠭᠠᠷᠳᠠᠯᠭ᠎ᠠ ᠶᠢ ᠢᠳᠡᠪᠬᠢᠲᠡᠢ ᠲᠤᠤᠱᠯᠠᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠲᠤᠬᠠᠶᠢᠯᠠᠭᠰᠠᠨ ᠠᠵᠢᠯ ᠳᠤ ᠲᠤᠯᠭᠠᠷᠠᠭᠰᠠᠨ ᠬᠠᠮᠢᠶ᠎ᠠ ᠪᠦᠬᠦᠢ ᠠᠰᠠᠭᠤᠳᠠᠯ ᠢ ᠰᠢᠢᠤᠡᠪᠤᠷᠢᠯᠡᠵᠤ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ︔ ᠨᠥᠭᠦᠭᠡ ᠲᠠᠯ᠎ᠠ ᠪᠠᠷ᠂ ᠭᠤᠤᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠣᠯᠠᠨ ᠤᠯᠤᠰ ᠤᠨ ᠵᠠᠬ᠎ᠠ ᠳᠡᠯᠭᠡᠭᠦᠷ ᠢ ᠢᠳᠡᠪᠬᠢᠲᠡᠶ ᠪᠠᠷ ᠥᠷᠭᠡᠳᠬᠡᠵᠦ᠂ ᠤᠶᠢᠯᠡᠤᠡᠬᠦᠨ ᠤ ᠶᠠᠰᠤ ᠴᠢᠨᠠᠷ ᠪᠠ ᠥᠷᠢᠰᠥᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠯᠡᠷᠬᠡᠶ ᠭᠠᠳᠠᠭᠠᠳᠤ ᠭᠠᠷᠭᠠᠯᠲᠠ ᠶᠢᠨ ᠠᠮᠵᠢᠯᠲᠠ ᠪᠦᠲᠦᠮᠵᠢ ᠣᠯᠪᠠ᠃     2025 ᠣᠨ ᠤ ᠨᠢᠭᠡᠳᠦᠭᠡᠷ ᠤᠯᠠᠷᠢᠯ ᠤᠨ ᠰᠠᠶᠢᠨ ᠰᠠᠶᠢᠬᠠᠨ ᠡᠬᠢᠯᠡᠯᠲᠡ ᠨᠢ ᠬᠠᠶᠢᠷᠤᠪ ᠤᠨ ᠲᠤᠬᠤᠢ ᠲᠣᠭᠤᠷᠢᠭ ᠤᠨ ᠪᠦᠬᠦ ᠵᠢᠯ ᠤᠨ ᠭᠠᠳᠠᠭᠠᠳᠤ ᠠᠷᠠᠯᠵᠢᠶᠠᠨ ᠤ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠨᠡᠩ ᠤᠯᠠᠨ ᠰᠢᠯᠢᠳᠡᠭ ᠦᠢᠯᠡᠳᠬᠦᠨ ᠢ ᠤᠯᠠᠨ ᠤᠯᠤᠰ ᠤᠨ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠭᠠᠵᠠᠷ ᠣᠷᠣᠨ ᠯᠤᠭ᠎ᠠ ᠶᠢᠨ ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠤᠯᠠᠮ ᠨᠢᠭᠡ ᠠᠯᠬᠤᠮ ᠵᠣᠷᠢᠭᠵᠢᠭᠤᠯᠵᠤ᠂ ᠰᠢᠨ᠎ᠡ ᠪᠠᠷ ᠬᠥᠭᠵᠢᠭᠰᠡᠨ ᠵᠠᠬ᠎ᠠ ᠳᠡᠯᠭᠡᠭᠦᠷ ᠢ ᠥᠷᠭᠡᠳᠬᠡᠨ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠪᠠ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠴᠢᠷᠮᠠᠶᠢᠨ ᠪᠡᠶᠡᠯᠡᠭᠦᠯᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号