ᠪᠠᠶᠠᠷ ᠤᠨ ᠮᠡᠳᠡᠭᠡ︕ ᠬᠠᠶᠢᠷᠤᠪ ᠤᠨ ᠲᠣᠬᠤᠢ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠲᠤᠷᠰᠢᠯᠲᠠ ᠶᠢᠨ ᠴᠡᠭ ᠤᠨ ᠲᠣᠭᠤᠷᠢᠭ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2025/3/26
    ᠣᠶᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠶᠠᠮᠤᠨ ᠠᠴᠠ ᠮᠡᠳᠡᠭᠦᠯᠦᠭᠰᠡᠨ ᠦᠨᠳᠦᠰᠦᠨ ᠱᠠᠲᠤᠨ ᠤ ᠵᠠᠰᠠᠯᠲᠠ ᠶᠢᠨ ᠲᠤᠷᠰᠢᠯᠲᠠ ᠶᠢᠨ ᠲᠥᠰᠦᠯ — ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ ᠠᠳᠠᠯ ᠠᠬᠤᠢ ᠶᠢᠨ ᠵᠠᠰᠠᠯᠲᠠ ᠶᠢᠨ ᠬᠦᠴᠢᠷ ᠠᠰᠠᠭᠤᠳᠠᠯ ᠢ  ᠰᠢᠢᠤᠡᠪᠤᠷᠢᠯᠡᠬᠦ ᠲᠦᠰᠤᠯ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠰᠤᠳᠤᠯᠤᠨ ᠬᠢᠨᠠᠨ ᠬᠠᠷᠭᠤᠭᠤᠯᠬᠤ ᠪᠠᠷ ᠳᠠᠮᠵᠢᠨ᠂ 2025 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠵᠠᠰᠠᠯᠲᠠ ᠶᠢᠨ ᠲᠤᠷᠰᠢᠯᠲᠠ ᠶᠢᠨ ᠴᠡᠭ ᠢᠶᠠᠷ ᠨᠤᠲᠠᠯᠠᠭᠳᠠᠪᠠ᠃     ᠶᠡᠷᠦ ᠠᠴᠠ᠂ ᠬᠠᠶᠢᠷᠤᠪ ᠤᠨ ᠲᠣᠬᠤᠢ ᠲᠣᠭᠤᠷᠢᠭ ᠨᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠪᠠᠷ ᠭᠤᠤᠯ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠭᠤᠴᠢᠨ ᠵᠢᠵᠢᠭ ᠲᠣᠭᠤᠷᠢᠭ ᠪᠣᠯᠤᠨ ᠠᠳᠠᠯ ᠠᠬᠤᠶ ᠦᠭᠡᠢ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠲᠣᠳᠣᠷᠬᠠᠶ ᠦᠭᠡᠢ᠂ ᠡᠭᠦᠷᠭᠡ ᠬᠠᠷᠢᠭᠤᠴᠠᠯᠭ᠎ᠠ ᠲᠣᠳᠣᠷᠬᠠᠶ ᠦᠭᠡᠢ᠂ ᠵᠢᠵᠢᠭ ᠲᠣᠭᠤᠷᠢᠭ ᠤᠨ ᠣᠯᠠᠨ ᠨᠡᠶᠢᠲᠡ ᠶᠢᠨ ᠡᠬᠢ ᠪᠠᠶᠠᠯᠢᠭ ᠳᠤᠲᠠᠭᠳᠠᠵᠤ ᠪᠠᠶᠢᠭ᠎ᠠ ᠵᠡᠷᠭᠡ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ ᠢ ᠭᠦᠢᠴᠡᠳ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠤᠶᠢᠯᠡᠳᠤᠯ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠠᠳᠠᠯ ᠠᠬᠤᠢ ᠶᠢᠨ ᠤᠶᠢᠯᠡᠴᠢᠯᠡᠭᠡ ᠶᠢ ᠳᠠᠭᠠᠭᠤᠯᠤᠨ ᠡᠷᠭᠢᠯᠡᠬᠦ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ ᠣᠯᠠᠨ ᠡᠰᠢᠲᠦ ᠬᠦᠴᠦᠨ ᠢ ᠥᠷᠭᠡᠨ ᠢᠶᠠᠷ ᠳᠠᠶᠢᠴᠢᠯᠠᠨ ᠵᠢᠵᠢᠭ ᠲᠣᠭᠤᠷᠢᠭ ᠤᠨ ᠵᠠᠰᠠᠯᠲᠠ ᠳᠤ ᠬᠠᠮᠲᠤᠪᠠᠷ ᠣᠷᠣᠯᠴᠠᠭᠤᠯᠵᠤ᠂ ︽ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠭᠡᠬᠦ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ︾ ᠣᠶᠢᠯᠠᠭᠠᠭᠳᠠᠬᠤᠨ ᠢ ᠦᠨᠳᠦᠰᠦᠨ ᠱᠠᠲᠤᠨ ᠤ ᠵᠠᠰᠠᠯᠲᠠ ᠶᠢᠨ ᠪᠥᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠨᠠᠷᠢᠯᠢᠬᠵᠢᠭᠤᠯᠤᠭᠰᠠᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠪᠡ᠃     ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠨᠳᠦᠰᠦᠨ ᠱᠠᠲᠤᠨ ᠤ ᠵᠠᠰᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠢ ᠠᠬᠢᠭᠤᠯᠵᠤ᠂ ︽ᠠᠵᠢᠯ ᠲᠦᠷᠦᠯ ᠭᠤᠣᠯᠯᠠᠨ ᠬᠠᠮᠢᠶᠠᠷᠬᠤ᠂ ᠵᠡᠭᠡᠯᠢ ᠭᠤᠳᠤᠮᠵᠢ  ᠭᠤᠣᠯᠯᠠᠨ ᠠᠳᠬᠤᠬᠤ᠂ ᠨᠡᠶᠢᠭᠡᠮ ᠲᠣᠭᠤᠷᠢᠭ  ᠭᠤᠣᠯᠯᠠᠨ ᠡᠷᠬᠢᠯᠡᠬᠦ᠂ ᠠᠳᠠᠯ ᠠᠬᠤᠢ ᠭᠤᠣᠯᠯᠠᠨ ᠬᠢᠬᠦ ︾ ᠵᠠᠷᠴᠢᠮ ᠤᠨ ᠲᠣᠭᠤᠷᠢᠨ ᠳᠤ᠂ ᠡᠬᠢ ᠪᠠᠶᠠᠯᠢᠭ ᠢ ᠨᠡᠶᠢᠳᠬᠡᠵᠦ᠂ ᠬᠦᠴᠦᠨ ᠢᠶᠠᠨ ᠳᠣᠷᠣᠭᠰᠢ ᠲᠠᠯᠪᠢᠵᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠲᠦᠷᠦᠯ ᠬᠤᠪᠢᠶᠠᠨ ᠠᠬᠢᠭᠤᠯᠵᠤ᠂ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ᠂ ᠠᠵᠢᠯ ᠲᠦᠷᠦᠯ ᠢ ᠵᠢᠯᠣᠭᠤᠳᠬᠤ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ︾ ᠠᠳᠠᠯ ᠠᠬᠤᠢ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠰᠦᠪᠡᠭᠴᠢᠯᠡᠨ ᠪᠦᠷᠢᠯᠳᠦᠭᠦᠯᠵᠦ᠂ ᠠᠳᠠᠯ ᠠᠬᠤᠢ ᠶᠢᠨ ᠦᠢᠯᠡᠴᠢᠯᠡᠭᠡ ᠪᠣᠯᠤᠨ ᠲᠣᠣᠷᠵᠢᠭᠤᠯᠤᠭᠰᠠᠨ ᠵᠠᠰᠠᠯᠲᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠳᠤ ᠰᠢᠨ᠎ᠡ ᠬᠥᠳᠡᠯᠭᠡᠬᠦ ᠬᠦᠴᠦᠨ ᠢ ᠨᠢᠭᠲᠠᠷᠠᠭᠤᠯᠵᠤ᠂ ᠰᠢᠨ᠎ᠡ ᠪᠠᠶᠢᠳᠠᠯ ᠢ ᠡᠭᠦᠳᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号