ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠡᠬᠢᠯᠡᠭᠰᠡᠨ ᠪᠥᠭᠡᠳ ᠣᠷᠣᠵᠤ ᠰᠠᠭᠤᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/3/26
    ᠲᠦᠷᠦᠭᠦᠬᠡᠨ᠂ ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠤᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠭᠧ ᠳ᠋ᠦᠩ ᠮᠧᠶ ᠨᠥᠬᠦᠷ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠠᠶ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠭᠤᠤ ᠸᠧᠨ ᠵᠧᠩ ᠨᠥᠬᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠦᠬᠠᠢ ᠬᠤᠳᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃    ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ︽ᠳᠥᠷᠪᠡᠨ ᠠᠩᠬᠠᠷᠤᠯ︾᠎ ᠤᠨ ᠬᠢᠨᠠᠯᠲᠠ ᠲᠠᠯᠪᠢᠬᠤ ᠭᠤᠤᠯᠳᠠᠯᠭ᠎ᠠ ᠶᠢ ᠠᠩᠬᠠᠷᠤᠭᠰᠠᠨ ᠰᠠᠭᠤᠷᠢᠨ ᠳᠡᠭᠡᠷ᠎ᠡ᠂ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠴᠠᠭᠳᠠᠨ ᠪᠠᠶᠢᠴᠠᠭᠠᠭᠳᠠᠬᠤ ᠨᠢᠭᠡᠴᠢ ᠶᠢᠨ ᠡᠭᠦᠷᠭᠡ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠤᠨ᠂ ᠡᠷᠬᠡ ᠪᠠ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ︽ᠨᠢᠭᠡᠳᠦᠭᠡᠷ ᠬᠠᠷᠢᠭᠤᠴᠠᠯᠭᠠᠲᠠᠨ︾ ᠪᠠ ᠤᠳᠤᠷᠢᠳᠬᠤ ᠪᠠᠭ ᠢ ᠴᠢᠩᠭ᠎ᠠ ᠠᠩᠬᠠᠷᠴᠤ᠂ ᠣᠯᠠᠨ ᠲᠦᠮᠡᠨ ᠤ ᠲᠤᠰᠬᠠᠯ  ᠴᠢᠩᠭ᠎ᠠ ᠪᠠᠶᠢᠭ᠎ᠠ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠬᠤᠬᠢᠷᠠᠭᠤᠯᠤᠭᠰᠠᠨ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠨᠥᠯᠥᠭᠡᠯᠡᠭᠰᠡᠨ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠬᠦᠴᠦᠯᠡᠨ ᠢᠯᠡᠷᠡᠭᠦᠯᠬᠦ ᠪᠠ ᠰᠢᠢᠤᠡᠪᠤᠷᠢᠯᠡᠨ᠎ᠡ᠃ ᠲᠣᠭᠤᠷᠢᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠣᠭᠤᠷᠢᠨ ᠪᠠᠶᠢᠴᠠᠭᠠᠬᠤ ᠠᠵᠢᠯ ᠤᠨ ᠶᠠᠪᠤᠴᠠ ᠪᠣᠯᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠲᠣᠭᠤᠷᠢᠨ ᠪᠠᠶᠢᠴᠠᠭᠠᠬᠤ ᠡᠭᠦᠷᠭᠡ ᠶᠢᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ᠃ ᠠᠰᠠᠭᠤᠳᠠᠯ ᠢ ᠢᠯᠡᠷᠡᠭᠦᠯᠬᠦ ᠠᠷᠭ᠎ᠠ ᠵᠠᠮ ᠢ ᠥᠷᠭᠡᠳᠬᠡᠵᠦ᠂ ︽ᠢᠨᠲ᠋ᠤᠷ ᠰᠦᠯᠵᠢᠶ᠎ᠡ︾᠎ ᠶᠢᠨ ᠳᠠᠪᠠᠭᠤᠯᠢᠭ ᠢ ᠪᠠᠳᠠᠷᠠᠭᠤᠯᠤᠨ᠂ ︽12+N︾ ᠴᠠᠭᠳᠠᠨ ᠪᠠᠶᠢᠴᠠᠭᠠᠬᠤ ᠠᠷᠭ᠎ᠠ ᠮᠠᠶ᠋ᠢᠭ ᠢ ︽ᠺᠣᠳ᠋ ᠳᠡᠭᠡᠷ᠎ᠡ ᠴᠠᠭᠳᠠᠨ ᠪᠠᠶᠢᠴᠠᠭᠠᠬᠤ︾᠎ ᠲᠠᠢ ᠨᠢᠭᠲᠠ ᠠᠭᠤᠰᠤᠯᠴᠠᠭᠤᠯᠬᠤ ᠬᠡᠷᠡᠭᠲᠡᠶ᠃ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠬᠡᠷᠡᠭᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠪᠠ ᠴᠡᠭᠴᠡᠯᠡᠨ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠶᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠭᠤᠰᠤᠯᠴᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠠᠭᠤᠰᠤᠯᠴᠠᠭᠤᠯᠵᠤ᠂ ᠤᠳᠤᠷᠢᠳᠬᠤ ᠪᠠᠭ ᠤᠨ ᠪᠠᠶᠢᠭᠤᠯᠤᠯᠲᠠ ᠳᠤ ᠠᠭᠤᠰᠤᠯᠴᠠᠭᠤᠯᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ᠂ ᠴᠡᠭᠴᠡᠯᠡᠨ ᠰᠠᠶᠢᠵᠢᠷᠠᠭᠤᠯᠬᠤ᠂ ᠵᠠᠰᠠᠬᠤ ᠶᠢ ᠣᠷᠭᠠᠨᠢᠭ ᠢᠶᠠᠷ ᠨᠡᠪᠲᠡᠷᠡᠭᠦᠯᠬᠦ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃    ᠶᠢᠰᠦᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠨᠢ 3 ᠴᠠᠭᠳᠠᠨ ᠪᠠᠶᠢᠴᠠᠭᠠᠬᠤ ᠳᠤᠭᠤᠶᠢᠯᠠᠩ ᠲᠣᠬᠢᠷᠠᠭᠤᠯᠵᠤ᠂ ᠪᠢᠨ ᠾᠧ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠵᠢᠴᠢ ᠬᠠᠷᠢᠶ᠎ᠠ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠲᠤᠭᠤᠷᠢᠭ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠵᠡᠷᠭᠡ 12 ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠴᠠᠭᠳᠠᠨ ᠪᠠᠶᠢᠴᠠᠭᠠᠯᠲᠠ ᠥᠷᠨᠢᠭᠦᠯᠵᠦ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠳᠤ ︽ᠡᠷᠭᠢᠵᠦ ᠬᠠᠷᠠᠬᠤ︾ ᠠᠵᠢᠯ ᠥᠷᠨᠢᠭᠦᠯᠪᠡ᠃    3 ᠰᠠᠷ᠎ᠠ ᠶᠢᠨ 24᠎ ᠤ ᠡᠳᠦᠷ ᠪᠣᠯᠲᠠᠯ᠎ᠠ᠂ 3 ᠲᠣᠭᠤᠷᠢᠨ ᠪᠠᠶᠢᠴᠠᠭᠠᠬᠤ ᠳᠤᠭᠤᠶᠢᠯᠠᠩ ᠨᠢᠭᠡᠨᠲᠡ ᠪᠦᠬᠦᠨ ᠢᠶᠠᠷ ᠢᠶᠠᠨ ᠣᠷᠣᠵᠤ ᠰᠠᠭᠤᠪᠠ᠃ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠣᠷᠣᠵᠤ ᠰᠠᠭᠤᠬᠤ ᠲᠠᠶᠢᠴᠢᠯᠠᠯᠳᠠ ᠶᠢᠨ ᠶᠠᠷᠢᠶᠠᠨ ᠳᠠᠭᠠᠨ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾᠎ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠠᠩᠬᠠᠷᠴᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠴᠢᠬᠤᠯᠠ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠶᠠᠪᠤᠴᠠ ᠳᠠᠬᠢ ᠤᠯᠤᠰ ᠲᠦᠷᠦ ᠶᠢᠨ ᠵᠥᠷᠢᠶ᠎ᠡ ᠶᠢᠨ ᠠᠰᠠᠭᠤᠳᠠᠯ ᠢ ᠭᠦᠨᠵᠡᠭᠡᠢ ᠪᠠᠶᠢᠴᠠᠭᠠᠨ ᠡᠷᠢᠬᠦ ᠪᠣᠯᠤᠨ᠎ᠠ᠃ ︽ᠡᠷᠬᠢᠨ ᠬᠠᠷᠠᠬᠤ︾᠎ ᠨᠢ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠪᠠ ᠲᠣᠰᠬᠤᠨ ᠤ ᠬᠠᠮᠲᠤ ᠶᠢᠨ ︽ᠭᠤᠷᠪᠠᠨ ᠪᠡᠯᠡ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠯᠠ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ᠂ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠭᠰᠠᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠵᠤ᠂ ᠲᠡᠳᠡᠨ ᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠯᠳᠠᠰᠢ ᠭᠠᠷᠬᠤ ᠶᠢ ᠬᠤᠷᠢᠭᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠲᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠨᠥᠬᠦᠳ᠂ ᠴᠠᠭᠳᠠᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠴᠠᠭᠳᠠᠨ ᠪᠠᠶᠢᠴᠠᠭᠠᠬᠤ ᠶᠢ ᠬᠦᠯᠢᠶᠡᠬᠦ ᠶᠢ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠬᠤ᠂ ᠠᠵᠢᠯ ᠤᠨ ᠦᠷ᠎ᠡ ᠪᠦᠲᠦᠮᠵᠢ ᠶᠢ ᠰᠢᠯᠭᠠᠬᠤ᠂ ᠲᠤᠰ ᠪᠡᠶ᠎ᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠠᠵᠠ ᠲᠣᠬᠢᠶᠠᠯ ᠪᠣᠯᠭᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠴᠠᠭᠳᠠᠨ ᠪᠠᠶᠢᠴᠠᠭᠠᠭᠰᠠᠨ ᠦᠷ᠎ᠡ ᠪᠦᠲᠦᠭᠡᠯ ᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠢᠯᠡᠳᠬᠡᠪᠡ᠃     ᠣᠶᠢᠯᠠᠭᠠᠭᠰᠠᠨ ᠢᠶᠠᠷ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯᠯᠠᠬᠤ ᠴᠠᠭ ᠨᠢ 60 ᠡᠳᠦᠷ ᠣᠷᠴᠢᠮ ᠪᠠᠶᠢᠵᠤ᠂ ᠡᠨᠡ ᠬᠤᠭᠤᠴᠠᠭᠠᠨ ᠳᠤ ᠲᠤᠰᠬᠠᠶ ᠵᠢᠵᠢᠭᠦᠷᠯᠡᠬᠦ ᠤᠲᠠᠰᠤ ᠪᠠ ᠡᠯᠧᠺᠲᠷᠣᠨ  ᠰᠢᠤᠳᠠᠨ ᠤ ᠬᠠᠶᠢᠷᠴᠠᠭ ᠭᠠᠷᠭᠠᠵᠤ᠂ ᠭᠤᠤᠯᠳᠠᠭᠤ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠤᠲᠠᠰᠤ ᠢᠷᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠨ᠎ᠡ᠂ ᠭᠤᠤᠯᠳᠠᠯᠭ᠎ᠠ ᠨᠢ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠴᠠᠭᠳᠠᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2025 ᠣᠨ ᠤ 5 ᠰᠠᠷ᠎ᠠ ᠶᠢᠨ 23᠎ ᠤ ᠡᠳᠦᠷ ᠪᠤᠯᠲᠠᠯ᠎ᠠ‌ᠦᠷᠭᠦᠯᠵᠢᠯᠡᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号