ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪᠯᠡᠷᠡᠩᠭᠦᠢ ᠨᠣᠮ ᠤᠩᠰᠢᠬᠤ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2025/3/28
    3 ᠰᠠᠷ᠎ᠠ ᠶᠢᠨ 26᠎ ᠤ ᠡᠳᠦᠷ ᠠᠴᠠ 27᠎ ᠤ ᠡᠳᠦᠷ ᠪᠣᠯᠲᠠᠯ᠎ᠠ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠲᠥᠪᠯᠡᠷᠡᠭᠦᠯᠦᠨ ᠨᠣᠮ ᠤᠩᠰᠢᠬᠤ ᠠᠩᠬᠢ ᠶᠢ ᠭᠦᠨᠵᠡᠭᠡᠢ ᠲᠤᠤᠱᠯᠠᠭᠤᠯᠵᠤ᠂ ᠲᠤᠭᠤᠷᠢᠭ ᠤᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠷᠢᠳᠠᠪᠠᠷ ᠰᠤᠷᠤᠯᠴᠠᠵᠤ᠂ ᠪᠦᠬᠦ ᠲᠣᠭᠤᠷᠢᠭ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠵᠢᠱᠢᠶ᠎ᠡ ᠦᠵᠡᠭᠦᠯᠦᠨ ᠲᠠᠶᠢᠴᠢᠯᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠼᠦᠢ ᠬᠤᠩ ᠪᠥᠸᠧ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠵᠢᠴᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠪᠣᠯᠤᠨ ᠬᠠᠶᠢᠷᠤᠪ ᠤᠨ ᠲᠤᠬᠤᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠣᠷᠣᠯᠴᠠᠪᠠ᠃     ᠲᠣᠰ ᠤᠳᠠᠭᠠᠨ ᠤ ᠲᠥᠪᠯᠡᠷᠡᠭᠦᠯᠦᠨ ᠤᠩᠰᠢᠬᠤ ᠠᠩᠭᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠰᠤᠷᠤᠯᠴᠠᠬᠤ ᠠᠭᠤᠯᠭ᠎ᠠ ᠳᠤ ᠭᠤᠤᠯᠳᠠᠭᠤ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾᠂ ︽ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭᠠᠨ ᠤ ᠲᠦᠢᠮᠣ ᠣᠨᠣᠯ︾ ᠵᠢᠴᠢ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠪᠣᠯᠤᠨ ᠦᠬᠠᠶ ᠬᠤᠲᠠ ᠶᠢᠨ ᠨᠠᠮ ᠤᠨ ᠬᠤᠷᠢᠶ᠎ᠠ ᠠᠴᠠ ᠨᠡᠶᠢᠲᠡᠯᠡᠭᠰᠡᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠪᠠᠭᠲᠠᠭᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号