ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 151 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/28
    ᠤᠢᠢᠷ᠎ᠠ ᠶᠢᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 151 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ 2025 ᠣᠨ ᠤ ᠠᠩᠬᠠᠳᠤᠭᠠᠷ ᠤᠳᠠᠭ᠎ᠠ ᠶᠢᠨ ᠬᠤᠷᠠᠯ᠂ ᠲᠤᠭᠤᠷᠢᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 17 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃       ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂   ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽︿ᠬᠤᠶᠠᠷ ᠢ ᠥᠴᠦᠬᠡᠨ ᠴᠦ ᠭᠤᠶᠢᠪᠢᠰᠢ ᠦᠭᠡᠶ﹀᠂ ︽2025 ᠣᠨ ᠤ ᠨᠢᠭᠡᠳᠦᠭᠡᠷ ᠤᠯᠠᠷᠢᠯ ᠳᠤ ᠲᠥᠪ ᠤᠨ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯ ᠤᠨ ᠲᠣᠭᠲᠠᠴᠠ ᠶᠢᠨ ᠬᠤᠷᠠᠯ ᠤᠨ ᠪᠠᠶᠢᠳᠠᠯ ᠤᠨ ᠲᠤᠬᠠᠶ ᠮᠡᠳᠡᠭᠦᠯᠦᠯᠲᠡ︾᠂ ︽ᠥᠪᠡᠷᠲᠡᠭᠡᠨ ᠵᠠᠰᠠᠬᠤ ᠣᠷᠣᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ 2025 ᠣᠨ ᠤ ᠠᠵᠢᠯ ᠤᠨ ᠲᠤᠬᠢᠷᠠᠭᠤᠯᠤᠯᠳᠠ︾᠂ ︽ᠢᠦᠢ ᠯᠢ ᠰᠢᠨ ᠨᠥᠬᠦᠷ 2025 ᠣᠨ ᠤ ᠨᠢᠭᠡᠳᠦᠭᠡᠷ ᠤᠯᠠᠷᠢᠯ ᠳᠤ ᠥᠪᠡᠷᠲᠡᠭᠡᠨ ᠵᠠᠰᠠᠬᠤ ᠣᠷᠣᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠳᠡᠭᠡᠷᠡᠬᠢ ᠶᠠᠷᠢᠶ᠎ᠠ︾ ᠂ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠠᠬᠢᠯᠭ᠎ᠠ ᠪᠠᠲᠤ ᠶᠢᠨ ᠬᠥᠮᠦᠵᠢᠯ ᠢ ᠺᠠᠳ᠋ᠷ ᠤᠨ ᠦᠰᠦᠨ ᠪᠤᠶᠢᠵᠢᠯᠲᠠ ᠶᠢᠨ ᠪᠥᠬᠦ ᠦᠶᠡᠯᠡᠯ ᠤᠨ ᠬᠤᠭᠤᠴᠠᠭᠠᠨ ᠳᠤ ᠵᠣᠬᠢᠶᠠᠨ ᠪᠠᠶᠢᠭᠤᠯᠵᠤ ᠬᠠᠮᠢᠶᠠᠷᠬᠤ ᠪᠥᠬᠦ ᠶᠠᠪᠤᠴᠠ ᠳᠤ ᠲᠤᠭᠤᠰᠢᠯᠠᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ︔     ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠪᠣᠯᠤᠨ ᠵᠥᠷᠢᠴᠡᠯ ᠵᠢᠭᠤᠷᠠᠯᠳᠤᠭᠠᠨ ᠢ ᠠᠷᠢᠯᠭᠠᠵᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠤᠰᠬᠠᠢ ᠵᠠᠰᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠬᠠᠶᠢᠷᠤᠪ ᠤᠨ ᠲᠤᠬᠤᠢ ᠲᠣᠭᠤᠷᠢᠭ ᠲᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠠᠵᠢᠯ ᠤᠨ ᠲᠥᠰᠦᠯ ︵ᠬᠢᠨᠠᠨ ᠵᠥᠪᠯᠡᠬᠦ ᠨᠤᠤᠷᠠᠭ︶︾ ᠪᠣᠯᠤᠨ ︽ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ ︵ᠬᠢᠨᠠᠨ ᠵᠥᠪᠯᠡᠬᠦ ᠨᠤᠤᠷᠠᠭ︶︾ ᠵᠡᠷᠭᠡ ᠠᠭᠤᠯᠭ᠎ᠠ ᠶᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠭᠦᠸᠧ ᠢ ᠵᠢᠶᠧ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠴᠢᠨᠠᠷ ᠰᠠᠶᠢᠲᠠᠢ ᠬᠥᠭᠵᠢᠯᠲᠡ ᠪᠠᠷ ᠪᠦᠬᠦ ᠲᠠᠯ᠎ᠠ ᠶᠢ ᠡᠵᠡᠮᠳᠡᠬᠦ ᠶᠢ ᠪᠠᠷᠢᠮᠲᠠᠯᠠᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠲᠦᠷᠭᠡᠨ ᠠᠬᠢᠭᠤᠯᠬᠤ ᠬᠡᠷᠡᠭᠲᠡᠢ︔    ᠠᠮᠢ ᠠᠬᠤᠢ ᠶᠢᠨ ᠬᠠᠮᠠᠭᠠᠯᠠᠯᠲᠠ ᠪᠣᠯᠤᠨ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ ᠵᠢᠴᠢ ᠦᠬᠠᠢ ᠬᠤᠳᠠ ᠵᠡᠷᠭᠡ ᠡᠯ᠎ᠡ ᠱᠠᠲᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠠ ᠡᠯ᠎ᠡ ᠲᠦᠷᠦᠯ ᠤᠨ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠩᠬᠠᠷᠴᠤ᠂ ᠡᠯ᠎ᠡ ᠲᠦᠷᠦᠯ ᠤᠨ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠤᠯᠤᠰ ᠲᠦᠷᠦᠴᠢ ᠴᠢᠨᠠᠷ᠂ ᠤᠷᠳᠤ ᠬᠤᠭᠤᠴᠠᠭᠠᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠲᠥᠪ ᠤᠨ ᠲᠤᠰᠬᠠᠢ ᠵᠦᠢᠯ ᠤᠨ ᠠᠵᠢᠯ ᠤᠨ ᠲᠣᠭᠲᠠᠴᠠ ᠶᠢᠨ ᠬᠤᠷᠠᠯ ᠤᠨ ᠪᠠᠶᠢᠷᠢᠯᠠᠭᠤᠯᠤᠯᠲᠠ ᠪᠣᠯᠤᠨ ᠳᠡᠭᠡᠳᠦ ᠱᠠᠲᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠴᠢᠷ ᠶᠠᠪᠤᠳᠠᠯ ᠤᠨ ᠨᠠᠷᠢᠨ ᠲᠠᠩᠰᠠ ᠶᠢ ᠲᠣᠳᠣᠷᠬᠠᠶᠢᠯᠠᠵᠤ᠂ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠤᠯᠬᠤ ᠶᠢ ᠡᠷᠡᠰ ᠠᠬᠢᠭᠤᠯᠬᠤ ᠬᠡᠷᠡᠭᠲᠡᠢ᠃ ᠰᠢᠨ᠎ᠡ ᠪᠠᠶᠢᠳᠠᠯ ᠳᠣᠣᠷᠠᠬᠢ ᠤᠬᠠᠭᠤᠯᠭ᠎ᠠ ᠶᠢᠨ ᠠᠵᠢᠯ ᠤᠨ ᠪᠠᠶᠢᠳᠠᠯ ᠪᠣᠯᠤᠨ ᠬᠤᠪᠢᠷᠠᠯᠲᠠ ᠶᠢ ᠣᠨᠣᠪᠴᠢᠲᠠᠢ ᠡᠵᠡᠮᠳᠡᠵᠦ᠂ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠬᠦ ᠳᠤ ᠨᠡᠩ ᠤᠯᠠᠨ ᠤᠬᠠᠭᠤᠯᠭ᠎ᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ︔ ᠰᠠᠬᠢᠯᠭ᠎ᠠ ᠪᠠᠲᠤ ᠶᠢᠨ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠰᠠᠬᠢᠯᠭ᠎ᠠ ᠪᠠᠲᠤ ᠪᠠ ᠶᠣᠰᠣ ᠳᠦᠷᠢᠮ ᠤᠨ ᠤᠬᠠᠮᠰᠠᠷ ᠢ ᠪᠠᠲᠤ ᠪᠤᠢ ᠪᠣᠯᠭᠠᠵᠤ᠂ ᠰᠠᠬᠢᠯᠭ᠎ᠠ ᠪᠠᠲᠤ ᠶᠢᠨ ᠬᠥᠮᠦᠵᠢᠯ ᠢ ᠺᠠᠳ᠋ᠷ ᠤᠨ ᠦᠰᠦᠨ ᠪᠤᠶᠢᠵᠢᠯᠲᠠ ᠶᠢᠨ ︽ᠵᠠᠪᠠᠯ ᠰᠤᠷᠬᠤ ᠬᠢᠴᠢᠶᠡᠯ︾ ᠪᠣᠯᠭᠠᠵᠤ᠂ ︽ᠰᠣᠩᠭᠤᠬᠤ᠂ ᠬᠥᠮᠦᠵᠢᠭᠦᠯᠬᠦ᠂ ᠬᠠᠮᠢᠶᠠᠷᠬᠤ᠂ ᠬᠡᠷᠡᠭᠯᠡᠬᠦ︾ ᠪᠦᠬᠦ ᠬᠡᠯᠬᠢᠶ᠎ᠡ ᠳᠤ ᠲᠤᠤᠱᠯᠠᠭᠤᠯᠬᠤ ᠬᠡᠷᠡᠭᠲᠡᠢ︔ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡᠪᠡᠷ ᠠᠳᠬᠤᠬᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠵᠥᠪ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠬᠤ ᠶᠢ ᠠᠬᠢᠭᠤᠯᠵᠤ᠂ ᠢᠮᠠᠭᠲᠠ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠰᠤᠷᠤᠯᠴᠠᠯᠭ᠎ᠠ ᠬᠥᠮᠦᠵᠢᠯ ᠢ ᠪᠣᠳᠠᠲᠠᠢ ᠠᠵᠢᠯ ᠲᠠᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠤ ᠬᠡᠯᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号