2 ᠰᠠᠷ᠎ᠠ ᠶᠢᠨ 27 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠪᠠᠯᠭᠠᠰᠤ ︵ᠵᠡᠭᠡᠯᠢ ᠭᠤᠳᠤᠮᠵᠢ︶ | ᠶᠢᠨ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠵᠢᠴᠢ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ | ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠢ ᠠᠮᠵᠢᠯᠲᠠ ᠲᠠᠢ ᠡᠷᠬᠢᠯᠡᠪᠡ᠃ ᠬᠠᠶᠢᠷᠤᠪ ᠤᠨ ᠲᠤᠬᠤᠢ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ | ᠱᠦᠵᠢ ᠸᠠᠩ ᠵᠢᠤᠸᠠᠨ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠭᠤᠤ ᠸᠧᠨ ᠵᠧᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠡᠯ᠎ᠡ ᠪᠠᠯᠭᠠᠰᠤ ︵ | ᠵᠡᠭᠡᠯᠢ ᠭᠤᠳᠤᠮᠵᠢ︶ ᠶᠢᠨ ᠨᠠᠮ ︵ᠠᠵᠢᠯᠯᠠᠬᠤ︶ ᠬᠤᠷᠢᠶᠠᠨ ᠤ ᠱᠦᠵᠢ᠂ ᠤᠯᠤᠰ ᠲᠦᠷᠦ ᠬᠠᠤᠯᠢ ᠴᠠᠭᠠᠵᠠ ᠶᠢᠨ | ᠭᠡᠰᠢᠭᠦᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠡᠶᠢᠳᠡ 27 ᠬᠥᠮᠦᠨ ᠣᠷᠣᠯᠴᠠᠪᠠ᠃ | | ᠲᠤᠬᠠᠢ ᠶᠢᠨ ᠲᠠᠯᠠᠪᠠᠢ ᠶᠢᠨ ᠬᠤᠷᠠᠯ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ ᠣᠪᠣᠷ ᠢᠶᠠᠨ ᠢᠯᠡᠳᠬᠡᠬᠦ | ᠶᠠᠷᠢᠶ᠎ᠠ ᠲᠠᠯᠪᠢᠬᠤ᠂ ᠤᠳᠤᠷᠢᠳᠤᠯᠭ᠎ᠠ ᠶᠢᠨ ᠪᠠᠶᠢᠷᠢᠯᠠᠭᠤᠯᠤᠯᠲᠠ ᠵᠡᠷᠭᠡ ᠭᠤᠭᠴᠤᠭ᠎ᠠ ᠪᠠᠷ ᠳᠠᠮᠵᠢᠭᠤᠯᠵᠤ᠂ ᠪᠠᠯᠭᠠᠰᠤ ︵ | ᠵᠡᠭᠡᠯᠢ ᠭᠤᠳᠤᠮᠵᠢ︶ ᠶᠢᠨ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠪᠣᠯᠤᠨ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ | ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠳᠤ ᠪᠠᠲᠤ ᠪᠠᠬᠢ ᠰᠠᠭᠤᠷᠢ | ᠲᠠᠯᠪᠢᠵᠠᠢ᠃ ᠬᠤᠷᠠᠯ ᠳᠤ ᠣᠷᠣᠯᠴᠠᠭᠰᠠᠳ ᠤᠷᠢᠳ ᠬᠤᠵᠢᠳ ᠪᠢᠨ ᠾᠧ ᠵᠡᠭᠡᠯᠢ ᠭᠤᠳᠤᠮᠵᠢ᠂ ᠰᠢᠨᠬᠤᠸᠠ | ᠪᠠᠷᠠᠭᠤᠨ ᠵᠡᠭᠡᠯᠢ ᠭᠤᠳᠤᠮᠵᠢ᠂ ᠹᠧᠩ ᠬᠤᠸᠠᠩ ᠯᠢᠩ ᠵᠡᠭᠡᠯᠢ ᠭᠤᠳᠤᠮᠵᠢ᠂ ᠰᠢᠨᠬᠤᠸᠠ ᠵᠡᠭᠡᠯᠢ ᠭᠤᠳᠤᠮᠵᠢ᠂ | ᠬᠠᠶᠢᠪᠸᠢ ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠠᠰᠠᠬᠤ ᠲᠥᠪ ᠲᠤ ᠬᠦᠷᠴᠦ᠂ ᠵᠢᠷᠤᠮᠵᠢᠭᠰᠠᠨ ᠪᠠᠶᠢᠭᠤᠯᠤᠯᠲᠠ ᠶᠢᠨ | ᠦᠷ᠎ᠡ ᠪᠦᠲᠦᠭᠡᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠡᠯ᠎ᠡ ᠴᠡᠭ ᠪᠠᠶᠢᠷᠢ ᠨᠢ ︽ᠨᠢᠭᠡ | ᠥᠷᠲᠡᠭᠡᠨ ᠤ ᠮᠠᠶ᠋ᠢᠭ︾ ᠤᠨ ᠤᠶᠢᠯᠡᠴᠢᠯᠡᠭᠡᠨ ᠤ ᠴᠣᠩᠬᠤ᠂ ᠵᠥᠷᠢᠴᠡᠯ ᠢ ᠡᠶᠡᠳᠡᠭᠦᠯᠬᠦ ᠲᠠᠰᠤᠭ᠂ ᠵᠠᠬᠢᠳᠠᠯ | ᠰᠤᠷᠪᠤᠯᠵᠢᠯᠠᠯ ᠤᠨ ᠬᠡᠲᠦ ᠳᠡᠯᠭᠡᠭᠦᠷ ᠵᠡᠷᠭᠡ ᠴᠢᠳᠠᠮᠵᠢᠳᠤ ᠣᠷᠣᠨ ᠢᠶᠠᠷ ᠳᠠᠮᠵᠢᠭᠤᠯᠤᠨ ︽ᠣᠯᠠᠨ ᠲᠦᠮᠡᠨ ᠨᠢᠭᠡ ᠯᠡ | ᠭᠠᠵᠠᠷ ᠲᠤ ᠭᠦᠶᠦᠬᠦ︾ ᠠᠷᠠᠳ ᠲᠤ ᠲᠥᠬᠦᠮ ᠦᠵᠡᠭᠦᠯᠬᠦ ᠤᠶᠢᠯᠡᠴᠢᠯᠡᠭᠡᠨ ᠤ ᠵᠠᠭᠪᠤᠷ ᠢ ᠳᠡᠯᠭᠡᠨ ᠦᠵᠡᠭᠦᠯᠵᠦ᠂ | ᠡᠲᠡᠭᠡᠷ ᠠᠷᠭ᠎ᠠ ᠬᠡᠮᠵᠢᠶ᠎ᠡ ᠨᠢ ᠬᠠᠶᠢᠷᠤᠪ ᠤᠨ ᠲᠣᠬᠤᠶ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠣᠯᠠᠨ ᠲᠦᠮᠡᠨ ᠤ ᠠᠵᠢᠯ ᠶᠠᠪᠤᠳᠠᠯ ᠭᠦᠢᠴᠡᠤᠡᠭᠡᠬᠦ | ᠶᠠᠪᠤᠴᠠ ᠳᠠᠬᠢ ᠳᠥᠭᠦᠮ ᠦᠭᠡᠢ ᠪᠠᠶᠢᠳᠠᠯ ᠢ ᠪᠠᠭᠠᠰᠬᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ | ᠢᠯᠡᠳᠲᠡ ᠳᠡᠭᠡᠭᠰᠢᠯᠡᠭᠦᠯᠪᠡ᠃ | | ᠬᠤᠷᠠᠯ ᠳᠤ ᠣᠷᠣᠯᠴᠠᠭᠰᠠᠳ ᠪᠠᠰᠠ ᠯᠢᠨ ᠶᠢᠨ ᠵᠡᠭᠡᠯᠢ ᠭᠤᠳᠤᠮᠵᠢ᠂ ᠴᠡᠭᠡᠯ ᠠᠭᠤᠯᠠ ᠪᠠᠯᠭᠠᠰᠤᠨ ᠤ | ᠶᠡᠷᠦᠩᠬᠡᠶᠢᠯᠡᠨ ᠵᠠᠰᠠᠬᠤ ᠲᠥᠪ ᠢ ᠲᠣᠭᠤᠷᠢᠨ ᠦᠵᠡᠵᠦ᠂ ︽ᠴᠠᠭᠳᠠᠭ᠎ᠠ ᠨᠡᠶᠢᠭᠡᠮ ᠲᠤᠭᠤᠷᠢᠭ ᠬᠤᠯᠪᠣᠭᠠᠯᠠᠨ | ᠬᠥᠳᠡᠯᠦᠯᠴᠡᠬᠦ︾᠂ ︽ᠰᠡᠳᠬᠢᠯ ᠢ ᠳᠤᠯᠠᠭᠠᠴᠠᠭᠤᠯᠬᠤ ᠥᠷᠲᠡᠭᠡ︾ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ | ᠭᠤᠤᠯᠳᠠᠯᠭ᠎ᠠ ᠲᠠᠢ ᠣᠶᠢᠯᠠᠭᠠᠵᠤ᠂ ᠦᠨᠳᠦᠰᠦᠨ ᠱᠠᠲᠤᠨ ᠤ ᠵᠥᠷᠢᠴᠡᠯ ᠢ ᠠᠷᠢᠯᠭᠠᠬᠤ ᠪᠠ ᠭᠤᠤᠯᠳᠠᠯᠭ᠎ᠠ ᠲᠠᠢ | ᠬᠥᠮᠦᠰ ᠤᠨ ᠬᠠᠮᠢᠶᠠᠷᠤᠯᠲᠠ ᠶᠢᠨ ᠲᠤᠷᠰᠢᠯᠭ᠎ᠠ ᠶᠢ ᠰᠤᠷᠤᠯᠴᠠᠪᠠ᠃ ᠡᠳᠡᠭᠡᠷ ᠰᠢᠨ᠎ᠡ ᠶᠢ ᠡᠭᠦᠳᠬᠦ ᠦᠢᠯᠡᠳᠦᠯᠭᠡ ᠨᠢ | ᠨᠡᠶᠢᠭᠡᠮ ᠲᠣᠭᠤᠷᠢᠭ ᠤᠨ ᠵᠠᠰᠠᠯᠲᠠ ᠶᠢᠨ ᠨᠠᠷᠢᠯᠢᠬᠵᠢᠭᠤᠯᠤᠭᠰᠠᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠢᠶᠠᠷ | ᠪᠠᠷᠠᠬᠤ ᠦᠭᠡᠢ᠂ ᠨᠡᠩ ᠴᠤ ᠡᠶ᠎ᠡ ᠵᠣᠬᠢᠴᠠᠩᠭᠤᠢ ᠨᠡᠶᠢᠭᠡᠮ ᠲᠣᠭᠤᠷᠢᠭ᠂ ᠠᠮᠤᠷ ᠠᠮᠤᠭᠤᠯᠠᠩ ᠬᠠᠶᠢᠷᠤᠪ ᠤᠨ | ᠲᠤᠬᠤᠢ ᠶᠢᠨ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | | ᠶᠠᠷᠢᠯᠴᠠᠬᠤ ᠬᠤᠷᠠᠯ ᠳᠡᠭᠡᠷ᠎ᠡ᠂ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠬᠥᠮᠦᠨ ᠠᠮᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤ ᠮᠡᠳᠡᠭᠦᠯᠵᠦ᠂ ᠪᠢᠨ ᠾᠧ ᠵᠡᠭᠡᠯᠢ | ᠭᠤᠳᠤᠮᠵᠢ᠂ ᠯᠢᠨ ᠶᠢᠨ ᠵᠡᠭᠡᠯᠢ ᠭᠤᠳᠤᠮᠵᠢ᠂ ᠬᠠᠶᠢᠪᠸᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ ᠣᠲᠣ ᠪᠠᠶᠢᠭ᠎ᠠ ᠠᠰᠠᠭᠤᠳᠠᠯ᠂ ᠲᠠᠷᠠᠭᠠᠴᠢ ᠶᠢᠨ ᠠᠯᠬᠤᠮ ᠤᠨ ᠰᠡᠳᠬᠢᠴᠡ ᠠᠷᠭ᠎ᠠ | ᠬᠡᠮᠵᠢᠶ᠎ᠡ ᠶᠢᠨ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠲᠤᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠤ ᠸᠧᠨ ᠵᠧᠩ ᠦᠨᠡᠯᠡᠯᠲᠡ ᠬᠢᠭᠰᠡᠨ | ᠪᠥᠭᠡᠳ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠪᠠᠶᠢᠷᠢᠯᠠᠭᠤᠯᠪᠠ᠃ | | ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ | ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ ᠬᠠᠶᠢᠷᠤᠪ ᠤᠨ ᠲᠤᠬᠤᠢ ᠲᠣᠭᠤᠷᠢᠭ ᠤᠨ ᠪᠠᠯᠭᠠᠰᠤ ︵ᠵᠡᠭᠡᠯᠢ | ᠭᠤᠳᠤᠮᠵᠢ︶ ᠶᠢᠨ ᠶᠡᠷᠦᠩᠬᠡᠶᠢᠯᠡᠨ ᠵᠠᠰᠠᠬᠤ ᠲᠥᠪ ᠤᠨ ᠪᠠᠶᠢᠭᠤᠯᠤᠯᠲᠠ ᠪᠠ ᠠᠵᠢᠯᠯᠠᠭᠠᠨ ᠢ ᠨᠤᠲᠠᠯᠠᠭᠰᠠᠨ ᠪᠥᠭᠡᠳ | ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠪᠠ᠃ ᠲᠡᠷᠡ᠂ ᠬᠠᠶᠢᠷᠤᠪ ᠤᠨ | ᠲᠤᠬᠤᠢ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠤᠨ ᠬᠢᠨ ᠪᠣᠳᠠᠲᠤ ᠪᠠᠶᠢᠯᠳᠤᠭᠠᠨ ᠤ ᠦᠷ᠎ᠡ ᠪᠦᠲᠦᠮᠵᠢ ᠶᠢ | ᠳᠤᠪᠤᠶᠢᠯᠭᠠᠵᠤ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ︔ | ᠶᠡᠷᠦᠩᠬᠡᠶᠢᠯᠡᠨ ᠵᠠᠰᠠᠬᠤ ᠠᠵᠢᠯ ᠢ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠨᠢᠭᠡ | ᠴᠤᠭᠴᠠᠵᠢᠭᠤᠯᠤᠨ ᠠᠬᠢᠭᠤᠯᠬᠤ ᠶᠢ ᠬᠦᠳᠦᠯᠦᠨ ᠳᠠᠭᠠᠭᠤᠯᠬᠤ ᠬᠡᠷᠡᠭᠲᠡᠢ︔ ᠦᠨᠳᠦᠰᠦᠨ ᠱᠠᠲᠤᠨ ᠤ ᠰᠠᠭᠤᠷᠢ ᠶᠢ | ᠤᠯᠠᠮ ᠴᠢᠨᠠᠭᠰᠢᠳᠠ ᠪᠠᠬᠢᠵᠢᠭᠦᠯᠵᠦ᠂ ᠰᠠᠭᠤᠷᠢ ᠲᠤᠭ᠎ᠠ ᠶᠢ ᠲᠣᠳᠣᠷᠬᠠᠢ ᠪᠣᠯᠭᠠᠬᠤ ᠬᠡᠷᠡᠭᠲᠡᠢ᠃ ᠡᠭᠦᠨ ᠤ ᠬᠠᠮᠲᠤ᠂ | ᠲᠡᠷᠡ ᠪᠠᠰᠠ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠪᠦᠬᠦ ᠬᠤᠳᠠ ᠶᠢᠨ ᠶᠡᠷᠦᠩᠬᠡᠶᠢᠯᠡᠨ ᠵᠠᠰᠠᠬᠤ ᠲᠥᠪ ᠤᠨ | ᠵᠢᠷᠤᠮᠵᠢᠭᠰᠠᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ | ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠢᠨ ᠢᠳᠡᠪᠬᠢᠲᠡᠢ ᠪᠡᠯᠡᠳᠬᠡᠵᠦ᠂ ᠬᠠᠶᠢᠷᠤᠪ ᠤᠨ ᠲᠤᠬᠤᠢ ᠲᠣᠭᠤᠷᠢᠭ ᠤᠨ | ᠬᠠᠮᠤᠭ ᠤᠨ ᠰᠠᠶᠢᠨ ᠶᠠᠰᠤ ᠴᠢᠨᠠᠷ ᠦᠷ᠎ᠡ ᠪᠦᠲᠦᠮᠵᠢ ᠶᠢ ᠢᠯᠡᠷᠡᠭᠦᠯᠬᠦ ᠪᠠᠷ ᠴᠢᠷᠮᠠᠶᠢᠬᠤ ᠶᠢ ᠬᠦᠰᠡᠪᠡ᠃ | | ᠲᠤᠰ ᠤᠳᠠᠭ᠎ᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠢ ᠬᠤᠷᠠᠯᠳᠤᠭᠰᠠᠨ ᠨᠢ ᠬᠠᠶᠢᠷᠤᠪ ᠤᠨ ᠲᠤᠬᠤᠢ | ᠲᠣᠭᠤᠷᠢᠭ ᠤᠨ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠪᠠ ᠶᠡᠷᠦᠩᠬᠡᠶᠢᠯᠡᠨ ᠵᠠᠰᠠᠬᠤ ᠲᠥᠪ ᠤᠨ | ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠤᠬᠠᠶ ᠶᠢᠨ | ᠭᠠᠵᠠᠷ ᠲᠤᠨᠢ ᠲᠣᠭᠤᠷᠢᠨ ᠦᠵᠡᠬᠦ ᠪᠠ ᠰᠣᠯᠢᠯᠴᠠᠨ ᠰᠤᠷᠤᠯᠴᠠᠬᠤ ᠪᠠᠷ ᠳᠡᠮᠵᠢᠨ᠂ ᠬᠤᠷᠠᠯ ᠳᠤ ᠣᠷᠣᠯᠴᠠᠭᠰᠠᠳ | ᠬᠠᠷᠠᠭ᠎ᠠ ᠪᠠᠨ ᠥᠷᠭᠡᠳᠬᠡᠵᠦ᠂ ᠰᠡᠳᠬᠢᠴᠡ ᠪᠠᠨ ᠥᠷᠭᠡᠳᠬᠡᠬᠦ ᠪᠠᠷ ᠪᠠᠷᠠᠬᠤ ᠦᠭᠡᠢ ᠪᠠᠰᠠ ᠬᠠᠷᠢᠭᠤᠴᠠᠯᠭᠠᠲᠤ | ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠨᠡᠮᠡᠭᠳᠡᠭᠦᠯᠪᠡ᠃ ᠬᠠᠶᠢᠷᠤᠪ ᠤᠨ ᠲᠤᠬᠤᠢ ᠲᠣᠭᠤᠷᠢᠭ ᠤᠨ ᠬᠢᠨ | ᠶᠡᠷᠦᠩᠬᠡᠶᠢᠯᠡᠨ ᠵᠠᠰᠠᠬᠤ ᠲᠥᠪ ᠤᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢ ᠦᠷᠭᠦᠯᠵᠢᠯᠡᠨ | ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ | ᠤᠯᠠᠨ ᠳᠤ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ | ᠪᠤᠰᠤᠳ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢᠶᠠᠷ ᠲᠣᠯᠢ ᠪᠣᠯᠭᠠᠵᠤ᠂ ᠠᠵᠢᠯ ᠤᠨ | ᠲᠣᠭᠲᠠᠴᠠ ᠶᠢ ᠲᠠᠰᠤᠷᠠᠯᠲᠠ ᠥᠬᠡᠶ ᠰᠢᠨᠡᠴᠢᠯᠡᠨ ᠲᠡᠭᠦᠯᠳᠡᠷᠵᠢᠭᠦᠯᠵᠦ᠂ ᠬᠠᠶᠢᠷᠤᠪ ᠤᠨ ᠲᠣᠬᠤᠶ ᠲᠣᠭᠤᠷᠢᠭ ᠤᠨ | ᠣᠨᠴᠠᠯᠢᠭ ᠲᠠᠢ ᠨᠡᠶᠢᠭᠡᠮ ᠤᠨ ᠵᠠᠰᠠᠯᠲᠠ ᠶᠢᠨ ᠰᠢᠨ᠎ᠡ ᠵᠠᠭᠪᠤᠷ ᠢ ᠴᠢᠷᠮᠠᠶᠢᠨ ᠪᠣᠶ ᠪᠣᠯᠭᠠᠵᠤ᠂ ᠪᠥᠬᠦ ᠲᠤᠭᠤᠷᠢᠭ ᠤᠨ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠡᠶ᠎ᠡ ᠵᠣᠬᠢᠴᠠᠩᠭᠤᠶ ᠲᠣᠭᠲᠠᠭᠤᠨ ᠨᠡᠶᠢᠭᠡᠮ ᠤᠨ | ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ | |