3 ᠰᠠᠷ᠎ᠠ ᠶᠢᠨ 1 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠠᠶᠢᠪᠸᠢ ᠵᠡᠭᠡᠯᠢ ᠭᠤᠳᠤᠮᠵᠢ ᠶᠢᠨ ᠱᠢ | ᠴᠧᠩ ᠨᠡᠶᠢᠭᠡᠮ ᠲᠣᠭᠤᠷᠢᠭ ︽ᠨᠡᠶᠢᠭᠡᠮ ᠲᠣᠭᠤᠷᠢᠭ ᠤᠨ ᠵᠣᠯ ᠵᠢᠷᠭᠠᠯ ᠤᠨ ᠵᠢᠷᠤᠭ ᠢ ᠬᠠᠮᠲᠤᠪᠠᠷ ᠵᠢᠷᠤᠭᠯᠠᠬᠤ︾ ᠪᠠᠷ | ᠭᠤᠣᠯ ᠰᠡᠳᠦᠪ ᠪᠣᠯᠭᠠᠭᠰᠠᠨ ᠵᠢᠷᠤᠮ ᠤᠨ ᠬᠠᠶᠢᠴᠢᠯᠠᠬᠤ ᠠᠵᠢᠯᠯᠠᠭ᠎ᠠ ᠶᠢ ᠥᠷᠨᠢᠭᠦᠯᠵᠦ᠂ ︽ᠨᠠᠮ ᠤᠨ ᠠᠴᠢ ᠶᠢ | ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠶᠢᠯᠠᠭᠠᠭᠳᠠᠬᠤᠨ ᠲᠠᠢ ᠤᠶᠠᠯᠳᠤᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠯᠢ ᠤᠯᠠᠨ | ᠬᠤᠶᠠᠳᠤᠭᠠᠷ ᠰᠠᠷ᠎ᠠ ᠶᠢᠨ ᠬᠤᠶᠠᠷ ᠤᠨ ᠠᠷᠠᠳ ᠤᠨ ᠵᠠᠩ ᠦᠢᠯᠡ ᠶᠢᠨ ᠰᠣᠶᠣᠯ ᠤᠨ ᠠᠵᠢᠯᠯᠠᠭ᠎ᠠ ᠶᠢ ᠥᠷᠨᠢᠭᠦᠯᠪᠡ᠃ | | ᠲᠣᠰ ᠤᠳᠠᠭᠠᠨ ᠤ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠵᠢᠷᠤᠮ ᠤᠨ ᠬᠠᠶᠢᠴᠢ ᠶᠢᠨ | ᠦᠢᠯᠡᠴᠢᠯᠡᠭᠡᠨ ᠤ ᠴᠡᠭ ᠭᠠᠷᠭᠠᠵᠤ᠂ ᠰᠠᠶᠢᠨ ᠳᠤᠷᠠᠴᠤᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠨ᠎ᠡ | ᠲᠥᠯᠥᠪᠦᠷᠢ ᠥᠬᠡᠶ ᠪᠠᠷ ᠦᠰᠦ ᠵᠠᠰᠠᠵᠤ᠂ ᠬᠠᠶᠢᠷ᠎ᠠ ᠬᠠᠯᠠᠮᠵᠢ ᠶᠢ ᠳᠠᠮᠵᠢᠭᠤᠯᠪᠠ᠃ ᠠᠯᠪᠠᠨ ᠵᠢᠷᠤᠮ ᠤᠨ | ᠬᠠᠶᠢᠴᠢᠯᠠᠯ ᠤᠨ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠲᠤ ᠲᠥᠬᠦᠮ | ᠦᠵᠡᠭᠦᠯᠵᠦ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠨᠡᠮᠡᠭᠳᠡᠭᠦᠯᠦᠨ᠂ ᠡᠶ᠎ᠡ | ᠵᠣᠬᠢᠴᠠᠯ ᠲᠠᠢ ᠬᠠᠯᠠᠭᠤᠨ ᠳᠤᠯᠠᠭᠠᠨ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠣᠶ ᠪᠣᠯᠭᠠᠪᠠ᠃ ᠵᠢᠷᠤᠮ ᠤᠨ | ᠬᠠᠶᠢᠴᠢ ᠶᠢᠨ ᠰᠠᠶᠢᠨ ᠳᠤᠷ᠎ᠠ ᠶᠢᠨ ᠬᠥᠳᠡᠯᠭᠡᠭᠡᠨ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ᠬᠢᠨ ᠪᠠᠰᠠ ᠤᠷᠠᠨ | ᠰᠠᠶᠢᠬᠠᠨ ᠤ ᠲᠣᠭᠯᠠᠯᠲᠠ ᠶᠢ ᠵᠣᠬᠢᠶᠠᠨ ᠪᠠᠶᠢᠭᠤᠯᠪᠠ᠃ ᠭᠤᠶᠢᠳᠠ ᠰᠠᠶᠢᠬᠠᠨ ᠲᠣᠭᠯᠠᠯᠲᠠ ᠨᠢ ᠳᠤᠮᠳᠠᠳᠤ ᠶᠢᠨ | ᠦᠨᠳᠦᠰᠦᠲᠡᠨ ᠤ ᠰᠣᠶᠣᠯ ᠤᠨ ᠷᠢᠳᠢ ᠰᠢᠳᠢ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠰᠠᠭᠤᠭᠠᠯᠢ | ᠠᠷᠠᠳ ᠤᠨ ᠬᠤᠭᠤᠷᠣᠨᠳᠣᠬᠢ ᠨᠢᠭᠲᠠᠷᠠᠯ ᠤᠨ ᠬᠦᠴᠦᠨ ᠢ ᠨᠡᠮᠡᠭᠳᠡᠭᠦᠯᠵᠡᠢ᠃ | | ᠬᠠᠶᠢᠪᠸᠢ ᠵᠡᠭᠡᠯᠢ ᠭᠤᠳᠤᠮᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠭᠡᠶᠢᠯᠡᠭᠰᠡᠨ ᠨᠢ᠂ ᠲᠤᠰ | ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠳᠤᠮᠳᠠᠳᠤ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ | ᠰᠣᠶᠣᠯ ᠢᠶᠠᠷ ᠬᠤᠯᠪᠣᠭᠠᠰᠤ ᠪᠣᠯᠭᠠᠵᠤ᠂ ᠦᠢᠯᠡᠴᠢᠯᠡᠭᠡ ᠪᠠᠷ ᠵᠣᠷᠢᠯᠲᠠ ᠪᠣᠯᠭᠠᠵᠤ᠂ ᠡᠶ᠎ᠡ ᠵᠣᠬᠢᠴᠠᠩᠭᠤᠢ᠂ ᠵᠣᠯ | ᠵᠢᠷᠭᠠᠯ ᠲᠠᠢ᠂ ᠪᠦᠯᠬᠦᠮᠳᠡᠯ ᠲᠠᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ | ᠰᠠᠶᠢᠨ ᠰᠠᠶᠢᠬᠠᠨ ᠭᠡᠷ ᠣᠷᠣᠨ ᠢ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨᠡᠬᠡᠵᠡᠢ᠃ | |