ᠬᠠᠶᠢᠷᠤᠪ ᠤᠨ ᠲᠣᠬᠤᠢ ᠲᠣᠭᠤᠷᠢᠭ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ︽ᠹᠧᠩ | ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠲᠣᠭᠤᠷᠢᠭ ᠤᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ | ᠵᠢᠷᠤᠮᠵᠢᠭᠰᠠᠨ ᠪᠠᠶᠢᠭᠤᠯᠤᠯᠲᠠ ᠪᠠ ᠪᠣᠳᠠᠲᠤ ᠴᠣᠭᠴᠠ ᠶᠢᠨ ᠠᠵᠢᠯᠯᠠᠭᠠᠨ ᠢ ᠪᠦᠬᠦ ᠲᠠᠯ᠎ᠠ ᠪᠠᠷ ᠠᠬᠢᠭᠤᠯᠵᠤ᠂ | ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠬᠠᠤᠯᠢ ᠪᠠᠷ ᠵᠠᠰᠠᠬᠤ ᠬᠢᠷᠢ ᠲᠦᠪᠰᠢᠨ ᠪᠠ ᠨᠡᠶᠢᠭᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | | ᠪᠦᠲᠦᠭᠡᠨ ᠪᠠᠶᠢᠭᠤᠯᠤᠯᠲᠠ ᠶᠢᠨ ᠵᠢᠷᠤᠮᠵᠢᠯ ᠢ ᠪᠠᠷᠢᠮᠲᠠᠯᠠᠵᠤ᠂ ᠣᠷᠣᠨ ᠵᠠᠶ ᠶᠢᠨ ᠪᠠᠶᠢᠷᠢᠰᠢᠭᠤᠯᠤᠯ ᠢ ᠵᠦᠶ | ᠵᠣᠬᠢᠰᠲᠠᠶ ᠪᠣᠯᠭᠠᠬᠤ ᠶᠢ ᠠᠬᠢᠭᠤᠯᠤᠨ᠎ᠠ᠃ ᠴᠢᠳᠠᠮᠵᠢ ᠶᠢᠨ ᠣᠷᠣᠨ ᠪᠦᠰᠡ ᠶᠢᠨ ᠬᠤᠪᠢᠶᠠᠷᠢᠯᠠᠯ ᠨᠢ ᠵᠦᠢ ᠵᠣᠬᠢᠰᠲᠠᠶ᠂ | ᠳᠣᠲᠣᠭᠠᠳᠤ ᠶᠢᠨ ᠠᠵᠢᠯᠯᠠᠬᠤ ᠪᠠ ᠭᠠᠳᠠᠨᠠᠬᠢ ᠦᠢᠯᠡᠴᠢᠯᠡᠭᠡᠨ ᠢ ᠬᠠᠷᠢᠴᠠᠩᠭᠤᠶ ᠪᠠᠷ ᠰᠠᠯᠭᠠᠬᠤ᠂ ᠣᠯᠠᠨ ᠲᠦᠮᠡᠨ ᠤ | ᠠᠵᠢᠯ ᠶᠠᠪᠤᠳᠠᠯ ᠭᠦᠢᠴᠡᠳᠬᠡᠬᠦ ᠳᠤ ᠳᠥᠭᠦᠮ ᠪᠠᠶᠢᠯᠭᠠᠬᠤ ᠵᠠᠷᠴᠢᠮ ᠶᠣᠰᠣᠭᠠᠷ᠂ ᠬᠦᠯᠢᠶᠡᠨ ᠠᠪᠴᠤ ᠰᠢᠢᠤᠡᠪᠤᠷᠢᠯᠡᠬᠦ | ᠣᠷᠣᠨ᠂ ᠴᠢᠳᠠᠮᠵᠢᠲᠦ ᠣᠷᠣᠨ ᠪᠠ ᠠᠵᠢᠯᠯᠠᠬᠤ ᠲᠣᠭᠤᠷᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠶ᠃ | 6 ᠬᠦᠯᠢᠶᠡᠨ ᠠᠪᠬᠤ ᠲᠢᠩᠬᠢᠮ ᠳᠤ ᠢᠯᠭᠠᠭ᠎ᠠ ᠥᠬᠡᠶ ᠭᠥᠯᠢᠶᠡᠨ ᠠᠪᠬᠤ ᠴᠣᠩᠬᠤᠪᠴᠢ ᠪᠠ 3ᠤᠷᠢᠳᠴᠢᠯᠠᠨ | ᠪᠣᠯᠵᠣᠵᠤ ᠭᠥᠯᠢᠶᠡᠨ ᠠᠪᠬᠤ ᠴᠣᠩᠬᠤᠪᠴᠢ ᠲᠣᠬᠢᠷᠠᠭᠤᠯᠪᠠ︔ ᠴᠢᠳᠠᠮᠵᠢᠳᠤ ᠣᠷᠣᠨ ᠳᠤ ᠵᠥᠷᠢᠴᠡᠯ | ᠵᠢᠭᠤᠷᠠᠯᠳᠤᠭᠠᠨ ᠢ ᠠᠷᠢᠯᠭᠠᠬᠤ ᠬᠠᠤᠯᠢ ᠪᠠᠷ ᠵᠠᠰᠠᠬᠤ ︽ᠵᠠᠮ ᠱᠤᠭᠤᠮ ᠤᠨ ᠵᠢᠷᠤᠭ︾ ᠶᠣᠰᠣᠭᠠᠷ 10 ᠡᠶᠡᠳᠡᠭᠦᠯᠬᠦ | ᠲᠠᠰᠤᠭ ᠪᠠ 7 ᠬᠠᠮᠢᠶ᠎ᠠ ᠪᠥᠬᠦᠶ ᠴᠢᠳᠠᠮᠵᠢᠳᠤ ᠲᠠᠰᠤᠭ ᠳᠣᠭᠢᠷᠠᠭᠤᠯᠵᠤ᠂ ᠵᠥᠷᠢᠴᠡᠯ ᠵᠢᠭᠤᠷᠠᠯᠳᠤᠭᠠᠨ ᠢ ︽ᠬᠠᠮᠤᠭ | ᠣᠯᠠᠨ ᠳᠠᠭᠠᠨ ᠨᠢᠭᠡ ᠭᠠᠵᠠᠷ ᠭᠦᠶᠦᠯᠭᠡᠬᠦ︾ ᠶᠢ ᠪᠡᠶᠡᠯᠡᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ | ᠨᠢᠭᠡᠪᠦᠷᠢ ᠶᠢ ᠴᠥᠮ ᠭᠦᠢᠴᠡᠳᠭᠡᠬᠦ ᠬᠥᠮᠦᠨ ᠲᠠᠢ᠂ ᠬᠠᠤᠯᠢ ᠶᠣᠰᠣᠭᠠᠷ ᠭᠦᠢᠴᠡᠳᠭᠡᠬᠦ ᠶᠢ ᠦᠨᠡᠨ ᠬᠦ ᠪᠠᠲᠤᠯᠠᠪᠠ᠃ | ᠡᠭᠦᠷᠭᠡ ᠴᠢᠳᠠᠪᠤᠷᠢ ᠶᠢᠨ ᠵᠢᠷᠤᠮᠵᠢᠭᠤᠯᠤᠯᠲᠠ ᠶᠢ ᠪᠠᠷᠢᠮᠲᠠᠯᠠᠵᠤ᠂ ᠦᠢᠯᠡᠳᠦᠯ ᠪᠠ ᠪᠦᠯᠬᠦᠮ ᠪᠠᠶᠢᠭᠤᠯᠬᠤ ᠶᠢ | ᠠᠬᠢᠭᠤᠯᠤᠨ᠎ᠠ᠃ ︽ᠣᠯᠠᠨ ᠲᠥᠪ ᠢ ᠨᠢᠭᠡᠳᠬᠡᠨ ᠨᠢᠭᠡ ᠪᠣᠯᠭᠠᠬᠤ᠂ ᠨᠢᠭᠡ ᠲᠥᠪ ᠢ ᠣᠯᠠᠨ ᠲᠠᠯ᠎ᠠ ᠪᠠᠷ ᠬᠡᠷᠡᠭᠯᠡᠬᠦ︾ | ᠵᠠᠷᠴᠢᠮ ᠶᠣᠰᠣᠭᠠᠷ᠂ ᠵᠠᠷᠭᠤ ᠶᠢᠨ ᠦᠢᠯᠡᠴᠢᠯᠡᠭᠡᠨ ᠤ ᠲᠥᠪ᠂ ᠪᠠᠶᠢᠴᠠᠭᠠᠬᠤ ᠦᠢᠯᠡᠴᠢᠯᠡᠭᠡᠨ ᠤ ᠲᠥᠪ᠂ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ᠂ ᠵᠠᠬᠢᠳᠠᠯ ᠰᠤᠷᠪᠤᠯᠵᠢᠯᠠᠯ ᠤᠨ ᠬᠦᠯᠢᠶᠡᠨ ᠠᠪᠬᠤ | ᠲᠥᠪ ᠵᠡᠷᠭᠡ ᠬᠤᠯᠪᠣᠭᠳᠠᠯ ᠪᠦᠬᠦᠢ ᠴᠢᠳᠠᠮᠵᠢ ᠶᠢ ᠨᠢᠭᠡᠳᠦᠯᠲᠡᠶ ᠲᠥᠯᠥᠪᠯᠡᠨ᠂ ᠪᠠᠶᠢᠩᠭᠤ ᠰᠠᠭᠤᠬᠤ᠂ ᠡᠭᠡᠯᠵᠢᠯᠡᠨ | ᠰᠠᠭᠤᠬᠤ ᠵᠡᠷᠭᠡ ᠠᠷᠭ᠎ᠠ ᠮᠠᠶ᠋ᠢᠭ ᠢᠶᠠᠷ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠢ ᠡᠮᠬᠢᠯᠡᠨ | ᠨᠡᠶᠢᠯᠡᠭᠦᠯᠵᠦ ᠰᠠᠭᠤᠷᠢᠰᠢᠭᠤᠯᠤᠨ᠎ᠠ᠃ ᠡᠭᠦᠨ ᠳᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ | ᠰᠢᠭᠦᠬᠦ ᠬᠤᠷᠢᠶ᠎ᠠ᠂ ᠵᠤᠷᠭᠠᠨ᠂ ᠵᠠᠬᠢᠳᠠᠯ ᠰᠤᠷᠪᠤᠯᠵᠢᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ | ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ 9 ᠰᠠᠯᠠᠭ᠎ᠠ ᠮᠥᠴᠢᠷ ᠤᠨ 30 ᠬᠥᠮᠦᠨ ᠪᠠᠶᠢᠩᠭᠤ ᠰᠠᠭᠤᠵᠤ᠂ | ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠭᠠᠵᠠᠷ ᠰᠢᠷᠣᠶ ᠲᠠᠲᠠᠪᠤᠷᠢᠯᠠᠬᠤ᠂ | ᠠᠳᠠᠯ ᠠᠬᠤᠶ ᠶᠢᠨ ᠤᠶᠢᠯᠡᠴᠢᠯᠡᠭᠡ᠂ ᠠᠵᠢᠯᠴᠢᠨ ᠤ ᠡᠪᠯᠡᠯ ᠵᠡᠷᠭᠡ 7 ᠰᠠᠯᠠᠭ᠎ᠠ ᠮᠥᠴᠢᠷ ᠡᠭᠡᠯᠵᠢᠯᠡᠨ ᠰᠠᠭᠤᠵᠤ᠂ | ᠪᠤᠰᠤᠳ ᠰᠠᠯᠠᠭ᠎ᠠ ᠮᠥᠴᠢᠷ ᠨᠢᠭᠡᠴᠡ ᠳᠠᠭᠠᠵᠤ ᠰᠠᠭᠤᠵᠤ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ | ᠰᠢᠢᠤᠡᠪᠤᠷᠢᠯᠡᠬᠦ᠂ ᠪᠦᠬᠦᠨ ᠢ ᠭᠥᠯᠢᠶᠡᠨ ᠠᠪᠴᠤ ᠰᠢᠢᠤᠡᠪᠤᠷᠢᠯᠡᠬᠦ᠂ ᠨᠢᠭᠡ ᠲᠠᠪᠴᠠᠩ ᠳᠤ ᠠᠴᠢᠶᠠᠯᠠᠬᠤ︾ ᠪᠥᠬᠦ | ᠬᠡᠯᠬᠢᠶ᠎ᠡ ᠪᠠᠷ ᠡᠶᠡᠳᠡᠭᠦᠯᠦᠨ ᠰᠢᠢᠤᠡᠪᠤᠷᠢᠯᠡᠬᠦ ᠤᠶᠢᠯᠡᠴᠢᠯᠡᠭᠡᠨ ᠤ ᠵᠠᠭᠪᠤᠷ ᠢ ᠪᠣᠶ ᠪᠣᠯᠭᠠᠪᠠ᠃ | ᠠᠵᠢᠯᠯᠠᠭᠠᠨ ᠢ ᠵᠢᠷᠤᠮᠵᠢᠭᠤᠯᠬᠤ ᠶᠢ ᠪᠠᠷᠢᠮᠲᠠᠯᠠᠵᠤ᠂ ᠵᠥᠷᠢᠴᠡᠯ ᠢ ᠡᠶᠡᠳᠡᠭᠦᠯᠬᠦ ᠶᠢ ᠤᠷᠲᠤ ᠬᠤᠭᠤᠴᠠᠭ᠎ᠠ | ᠪᠦᠲᠦᠮᠵᠢᠲᠡᠢ ᠪᠣᠯᠭᠠᠬᠤ ᠶᠢ ᠠᠬᠢᠭᠤᠯᠤᠨ᠎ᠠ᠃ 1 ᠢᠵᠢ ᠵᠢᠷᠤᠮᠵᠢᠭᠤᠯᠬᠤ ᠴᠤᠪᠤᠷᠠᠯ ᠪᠠ 8 ᠵᠤᠶᠢᠯ ᠤᠨ ᠠᠵᠢᠯ ᠤᠨ | ᠲᠦᠷᠢᠮ ᠢ ᠬᠡᠷᠡᠭᠵᠢᠭᠦᠯᠵᠦ᠂ ᠲᠥᠪ ᠵᠢᠴᠢ ᠣᠷᠣᠵᠤ ᠰᠠᠭᠤᠬᠤ ᠰᠠᠯᠠᠭ᠎ᠠ ᠮᠥᠴᠢᠷ ᠤᠨ ᠡᠳᠦᠷ ᠲᠤᠲᠤᠮ ᠤᠨ | ᠬᠠᠮᠢᠶᠠᠷᠤᠯᠲᠠ᠂ ᠪᠣᠯᠪᠠᠰᠤᠷᠠᠭᠤᠯᠤᠯ᠂ ᠰᠢᠯᠭᠠᠨ ᠬᠢᠨᠠᠬᠤ ᠪᠠ ᠤᠶᠢᠯᠡᠴᠢᠯᠡᠭᠡᠨ ᠤ ᠠᠵᠢᠯ ᠢ ᠴᠢᠩᠭᠠᠷᠠᠭᠤᠯᠤᠨ᠂ ᠡᠯ᠎ᠡ | ᠵᠤᠶᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠬᠠᠶᠢᠷᠣᠪ ᠤᠨ | ᠲᠤᠬᠤᠢ ᠶᠢᠨ e ᠭᠡᠷ︾ ᠤᠨ ᠮᠡᠳᠡᠭᠡ ᠵᠠᠩᠭᠢᠵᠢᠯᠲᠠ ᠶᠢᠨ ᠲᠠᠪᠴᠠᠩ ᠢ ᠬᠡᠷᠡᠭᠯᠡᠨ ᠵᠥᠷᠢᠴᠡᠯ ᠵᠢᠭᠤᠷᠠᠯᠳᠤᠭᠠᠨ ᠢ ︽ | ᠭᠠᠳᠠᠭᠰᠢᠯᠠᠭᠤᠯᠬᠤ᠂ ᠬᠤᠪᠢᠶᠠᠷᠢᠯᠠᠬᠤ᠂ ᠲᠣᠬᠢᠷᠠᠭᠤᠯᠬᠤ᠂ ᠦᠨᠡᠯᠡᠬᠦ︾ ᠪᠢᠲᠡᠭᠦᠮᠵᠢᠲᠦ ᠴᠠᠭᠠᠷᠢᠭ ᠢᠶᠠᠷ | ᠰᠢᠢᠳᠪᠦᠷᠢᠯᠡᠵᠦ᠂ ᠡᠮᠦᠨ᠎ᠡ ᠦᠵᠦᠭᠦᠷ ᠤᠨ ᠲᠣᠰᠬᠤᠨ ︵ᠨᠡᠶᠢᠭᠡᠮ ᠲᠣᠭᠤᠷᠢᠭ︶᠂ ᠪᠠᠯᠭᠠᠰᠤ ︵ᠵᠡᠭᠡᠯᠢ ᠭᠤᠳᠤᠮᠵᠢ︶ | ᠳᠤ ᠵᠢᠭᠰᠠᠭᠠᠨ ᠪᠠᠶᠢᠴᠠᠭᠠᠵᠤ ᠰᠤᠷᠪᠤᠯᠵᠢᠯᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠪᠠ ᠵᠥᠷᠢᠴᠡᠯ | ᠵᠢᠭᠤᠷᠠᠯᠳᠤᠭᠠᠨ ᠢ ᠪᠢᠴᠢᠵᠦ ᠳᠡᠭᠡᠭᠰᠢ ᠮᠡᠳᠡᠭᠦᠯᠵᠦ᠂ ᠬᠤᠶᠢᠲᠤ ᠦᠵᠦᠭᠦᠷ ᠤᠨ ᠲᠣᠭᠤᠷᠢᠭ ᠤᠨ ᠱᠠᠲᠤᠨ ᠤ | ᠭᠥᠯᠢᠶᠡᠨ ᠠᠪᠴᠤ ᠳᠠᠩᠰᠠᠯᠠᠨ ᠲᠡᠮᠳᠡᠭᠯᠡᠵᠦ᠂ ᠰᠤᠳᠤᠯᠤᠨ ᠮᠠᠭᠠᠳᠯᠠᠵᠤ ᠲᠤᠰᠢᠶᠠᠨ ᠰᠢᠢᠤᠡᠪᠤᠷᠢᠯᠡᠭᠦᠯᠵᠤ᠂ ᠡᠯ᠎ᠡ | ᠰᠠᠯᠠᠭ᠎ᠠ ᠮᠥᠴᠢᠷ ᠤᠨ ᠣᠯᠠᠨ ᠡᠰᠢᠵᠢᠭᠦᠯᠦᠨ ᠰᠢᠢᠳᠪᠦᠷᠢᠯᠡᠬᠦ᠂ ᠦᠷ᠎ᠡ ᠳ᠋ᠦᠩ ᠤᠨ ᠬᠠᠷᠢᠭᠤ ᠲᠤᠰᠬᠠᠯ ᠢ ᠠᠯᠬᠤᠮ | ᠠᠯᠬᠤᠮ ᠢᠶᠠᠷ ᠪᠠᠶᠢᠭᠤᠯᠵᠤ᠂ ᠲᠤᠭ᠎ᠠ ᠪᠠᠷᠢᠮᠲᠠ ᠶᠢ ᠪᠥᠬᠦ ᠬᠡᠮᠵᠢᠶ᠎ᠡ ᠪᠠᠷ ᠪᠦᠷᠢᠳᠬᠡᠬᠦ᠂ ᠠᠶᠤᠯ ᠲᠦᠭᠰᠢᠭᠦᠷᠢ ᠶᠢ ᠲᠠᠰ | ᠬᠤᠪᠢᠶᠠᠨ ᠰᠤᠳᠤᠯᠤᠨ ᠮᠠᠭᠠᠳᠯᠠᠬᠤ᠂ ᠬᠠᠷᠢᠭᠤ ᠲᠤᠰᠬᠠᠯ ᠲᠦᠷᠭᠡᠨ ᠪᠥᠭᠡᠳ ᠥᠨᠳᠥᠷ ᠪᠦᠲᠦᠮᠵᠢᠲᠡᠶ᠂ | ᠰᠢᠢᠤᠡᠪᠤᠷᠢᠯᠡᠬᠦ ᠨᠢ ᠴᠠᠭ ᠲᠤᠬᠠᠶ ᠳᠤᠨᠢ ᠬᠠᠮᠲᠤᠷᠠᠨ ᠬᠥᠳᠡᠯᠦᠯᠴᠡᠭᠰᠡᠨ ᠵᠢᠭᠤᠷᠠᠯᠳᠤᠭᠠᠨ ᠢ ᠰᠢᠢᠤᠡᠪᠤᠷᠢᠯᠡᠬᠦ | ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ | |