ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠣᠶᠤᠨᠴᠢ ᠡᠮᠴᠢᠯᠡᠭᠡ AI ᠰᠢᠨ᠎ᠡ ᠴᠠᠭ ᠦᠶ᠎ᠡ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2025/3/6
    2 ᠰᠠᠷ᠎ᠠ ᠶᠢᠨ 27᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ DeepSeek ᠶᠡᠭᠡ ᠵᠠᠭᠪᠤᠷ ᠤᠨ ᠪᠠᠶᠢᠷᠢᠯᠠᠭᠤᠯᠤᠯᠲᠠ ᠶᠢ ᠠᠮᠵᠢᠯᠲᠠ ᠲᠠᠢ ᠪᠡᠶᠡᠯᠡᠭᠦᠯᠦᠭᠰᠡᠨ ᠪᠥᠭᠡᠳ ᠡᠯᠧᠺᠲᠷᠣᠨ  ᠡᠪᠡᠳᠴᠢᠨ ᠤ ᠲᠡᠮᠳᠡᠭᠯᠡᠯ ᠤᠨ ᠰᠢᠰᠲ᠋ᠧᠮ ᠲᠠᠢ ᠤᠷᠤᠭᠰᠢᠲᠠᠢ ᠪᠠᠷ ᠵᠣᠯᠭᠠᠭᠤᠯᠵᠤ᠂ AI ᠵᠣᠬᠢᠶᠠᠮᠠᠯ ᠤᠶᠤᠨᠲᠤ ᠡᠭᠦᠳᠡᠨ ᠡᠮᠨᠡᠯᠭᠡ ᠶᠢᠨ ᠬᠠᠪᠰᠤᠷᠤᠨ ᠣᠨᠣᠰᠢᠯᠠᠬᠤ ᠰᠢᠰᠲ᠋ᠧᠮ ᠢ ᠵᠢᠩᠬᠢᠨᠢ ᠪᠠᠷ ᠭᠠᠷᠭᠠᠭᠰᠠᠨ ᠪᠠᠶᠢᠨ᠎ᠠ᠂ ᠡᠨᠡ ᠬᠦ ᠦᠢᠯᠡᠳᠦᠯᠭᠡ ᠨᠢ ᠬᠠᠶᠢᠷᠤᠪ ᠤᠨ ᠲᠤᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠣᠶᠤᠨᠴᠢ ᠡᠮᠴᠢᠯᠡᠭᠡᠨ ᠤ ᠴᠠᠭ ᠦᠶ᠎ᠡ ᠪᠠᠨ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ᠃    ᠣᠶᠢᠯᠠᠭᠠᠭᠰᠠᠨ ᠢᠶᠠᠷ᠂ DeepSeek R1 ᠣᠨᠣᠰᠢᠯᠠᠨ ᠡᠮᠨᠡᠬᠦ ᠲᠤᠰᠠᠯᠠᠬᠤ AI ᠪᠠᠭᠠᠵᠢ ᠨᠢᠭᠡᠨᠲᠡ ᠡᠮᠨᠡᠯᠭᠡ ᠶᠢᠨ ᠬᠤᠷᠢᠶᠠᠨ ᠤ ᠪᠥᠬᠦ ᠰᠠᠯᠠᠭ᠎ᠠ ᠲᠠᠰᠤᠭ ᠲᠤ ᠠᠮᠵᠢᠯᠲᠠ ᠲᠠᠢ ᠬᠡᠷᠡᠭᠯᠡᠭᠳᠡᠵᠦ᠂ ︽AI ᠡᠮᠴᠢ︾ ᠡᠮᠴᠢ ᠨᠢᠭᠡᠪᠦᠷᠢ ᠳᠤ ᠨᠢᠭᠡ ᠣᠶᠤᠨᠴᠢ ᠲᠤᠰᠠᠯᠠᠭᠴᠢ ᠲᠣᠬᠢᠷᠠᠭᠤᠯᠵᠤ ᠥᠭᠭᠦᠭᠰᠡᠨ ᠲᠠᠢ ᠲᠡᠩᠴᠡᠨ᠎ᠡ᠂ ︽AI ᠡᠮᠴᠢ︾᠎ ᠳᠤ ᠡᠮᠴᠢ ᠶᠢᠨ ᠦᠨᠡᠮᠯᠡᠯ ᠪᠠᠶᠢᠬᠤ ᠦᠭᠡᠢ᠂ ᠵᠣᠷ ᠤᠨ ᠡᠷᠬᠡ ᠪᠠᠶᠢᠬᠤ ᠦᠭᠡᠢ᠂ ᠡᠮᠴᠢ ᠲᠠᠢ ᠬᠠᠮᠲᠤ ᠪᠠᠶᠢᠵᠤ᠂ ︽ᠬᠤᠤᠰ ᠡᠮᠴᠢ︾᠎ ᠶᠢᠨ ᠪᠦᠯᠬᠦᠮ ᠨᠡᠶᠢᠲᠡ ᠪᠠᠷ ᠳᠠᠮᠵᠢᠭᠤᠯᠤᠨ ᠰᠢᠯᠭᠠᠨ ᠪᠠᠶᠢᠴᠠᠭᠠᠵᠤ᠂ ᠡᠭᠦᠳᠡᠨ ᠡᠮᠨᠡᠯᠭᠡ᠂ ᠵᠣᠷ᠂ ᠡᠪᠡᠳᠴᠢᠨ ᠤ ᠲᠡᠤᠬᠡ ᠵᠡᠷᠭᠡ ᠣᠨᠣᠰᠢᠯᠠᠨ ᠡᠮᠨᠡᠬᠦ ᠪᠥᠬᠦ ᠶᠠᠪᠤᠴᠠ ᠶᠢᠨ ᠲᠤᠭ᠎ᠠ ᠪᠠᠷᠢᠮᠲᠠ ᠶᠢ ᠭᠦᠨᠵᠡᠭᠡᠶ ᠡᠮᠬᠢᠯᠡᠨ ᠨᠡᠶᠢᠯᠡᠭᠦᠯᠵᠦ᠂ ᠤᠶᠤᠨᠴᠢᠯᠠᠭᠰᠠᠨ ᠡᠮᠴᠢᠯᠡᠭᠡᠨ ᠤ ᠰᠢᠢᠳᠪᠦᠷᠢᠲᠦ ᠪᠣᠳᠣᠯᠭ᠎ᠠ ᠶᠢᠨ ᠳᠡᠮᠵᠢᠯᠭᠡ ᠶᠢᠨ ᠰᠢᠰᠲ᠋ᠧᠮ ᠢ ᠪᠠᠶᠢᠭᠤᠯᠤᠨ᠂ ᠡᠮᠴᠢᠯᠡᠭᠡᠨ ᠤ ᠡᠮᠴᠢ ᠳᠤ ᠴᠠᠭ ᠲᠤᠬᠠᠶ ᠳᠤᠨᠢ ᠣᠨᠣᠰᠢᠯᠠᠨ ᠡᠮᠨᠡᠬᠦ ᠳᠡᠮᠵᠢᠯᠭᠡ ᠬᠠᠩᠭᠠᠵᠤ᠂ ᠣᠨᠣᠪᠴᠢ ᠶᠢᠨ ᠨᠣᠷᠮ᠎ᠠ ᠪᠠᠷ ᠥᠨᠳᠥᠷ᠂ ᠪᠤᠷᠤᠭᠤ ᠡᠮᠨᠡᠬᠦ  ᠨᠤᠷᠮ᠎ᠠ ᠳᠤᠤᠷ᠎ᠠ᠂ ᠬᠠᠷᠢᠯᠴᠠᠨ ᠨᠥᠬᠦᠪᠥᠷᠢᠯᠡᠬᠦ ᠲᠤᠰᠠᠯᠠᠬᠤ ᠦᠢᠯᠡᠳᠦᠯ ᠦᠵᠡᠭᠦᠯᠵᠦ᠂ ᠠᠵᠢᠯ ᠤᠨ ᠦᠷ᠎ᠡ ᠪᠦᠲᠦᠮᠵᠢ ᠶᠢ ᠨᠢᠭᠡ ᠳᠠᠬᠢᠨ ᠳᠡᠭᠡᠭᠰᠢᠯᠡᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号