︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ 2 ᠴᠠᠭ ᠤᠨ ᠶᠡᠷᠦᠩᠬᠡᠶᠢᠯᠡᠭᠰᠡᠨ | ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠨᠢ ᠰᠤᠷᠤᠭᠴᠢᠳ ᠤᠨ ᠡᠳᠦᠷ ᠪᠦᠷᠢ ᠶᠢᠨ ᠶᠡᠷᠦᠩᠬᠡᠶᠢᠯᠡᠭᠰᠡᠨ | ᠪᠡᠶ᠎ᠡ ᠶᠢᠨ ᠲᠠᠮᠢᠷ ᠤᠨ ᠠᠵᠢᠯᠯᠠᠭ᠎ᠠ ᠶᠢ 2 ᠴᠠᠭ ᠠᠴᠠ ᠳᠤᠲᠠᠭᠤ ᠦᠭᠡᠢ ᠪᠠᠶᠢᠯᠭᠠᠬᠤ ᠱᠠᠭᠠᠷᠳᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ︽ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ︾ ᠰᠤᠷᠭᠠᠨ ᠬᠥᠮᠦᠵᠢᠯ ᠤᠨ | ᠣᠶᠢᠯᠠᠭᠠᠭᠳᠠᠬᠤᠨ ᠢ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠳᠤ ᠠᠭᠤᠰᠤᠯᠴᠠᠭᠤᠯᠵᠤ᠂ ᠰᠤᠷᠤᠭᠴᠢᠳ ᠤᠨ | ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ | ᠠᠬᠢᠭᠤᠯᠪᠠ᠃ | | ᠨᠢᠭᠡ᠂ ᠨᠢᠭᠡᠲᠦᠯᠲᠡᠢ ᠲᠦᠯᠤᠪᠵᠢᠭᠦᠯᠵᠤ᠂ ᠬᠢᠴᠢᠶᠡᠯ ᠢᠶᠠᠨ ᠰᠢᠯᠢᠳᠡᠭᠵᠢᠭᠦᠯᠤᠨ᠎ᠡ | ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ ᠢ | ᠭᠦᠢᠴᠡᠳ ᠰᠠᠶᠢᠲᠤᠷ ᠲᠤᠬᠢᠷᠠᠭᠤᠯᠵᠤ᠂ ᠤᠯᠤᠰ ᠤᠨ ᠪᠡᠶ᠎ᠡ ᠶᠢᠨ ᠲᠠᠮᠢᠷ ᠤᠨ ᠬᠢᠴᠢᠶᠡᠯ ᠤᠨ ᠰᠠᠭᠤᠷᠢᠨ ᠳᠡᠭᠡᠷ᠎ᠡ᠂ | ᠡᠳᠦᠷ ᠪᠦᠷᠢ 1 ᠪᠡᠶ᠎ᠡ ᠶᠢᠨ ᠲᠠᠮᠢᠷ ᠤᠨ ᠬᠢᠴᠢᠶᠡᠯ ᠢ ᠪᠠᠲᠤᠯᠠᠵᠤ᠂ ᠰᠤᠷᠤᠭᠴᠢᠳ ᠤᠨ ᠲᠤᠬᠠᠶ ᠶᠢᠨ ᠡᠳᠦᠷ ᠤᠨ | ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ 2 ᠴᠠᠭ ᠠᠴᠠ ᠳᠤᠲᠠᠭᠤ ᠪᠠᠶᠢᠯᠭᠠᠬᠤ ᠦᠭᠡᠢ ᠶᠢ ᠦᠨᠡᠨᠬᠦ | ᠪᠠᠲᠤᠯᠠᠬᠤ ᠬᠡᠷᠡᠭᠲᠡᠶ᠃ ︽ᠡᠷᠡᠭᠦᠯ ᠮᠡᠨᠳᠦ ᠶᠢᠨ ᠮᠡᠳᠡᠯᠭᠡ + ᠰᠠᠭᠤᠷᠢ ᠮᠡᠷᠭᠡᠵᠢᠯ ᠴᠢᠳᠠᠪᠤᠷᠢ+ ᠲᠤᠰᠬᠠᠶ ᠮᠡᠷᠭᠡᠵᠢᠯ | ᠴᠢᠳᠠᠪᠤᠷᠢ︾ ᠭᠤᠷᠪᠠᠨ ᠱᠠᠲᠤᠨ ᠤ ᠬᠢᠴᠢᠶᠡᠯ ᠤᠨ ᠪᠣᠷᠣ ᠲᠥᠯᠥᠪ ᠢ ᠪᠣᠶ ᠪᠣᠯᠭᠠᠵᠤ᠂ ᠡᠯ᠎ᠡ ᠰᠤᠷᠭᠠᠭᠤᠯᠢ | ᠰᠤᠷᠤᠭᠴᠢᠳ ᠤᠨ ᠳᠤᠷ᠎ᠠ ᠰᠣᠨᠢᠷᠬᠠᠯ ᠢ ᠦᠨᠳᠦᠰᠦᠯᠡᠨ ᠣᠨᠴᠠᠯᠢᠭᠲᠤ ᠲᠥᠷᠥᠯ ᠵᠤᠶᠢᠯ ᠢ ᠨᠡᠭᠡᠭᠡᠨ ᠬᠥᠭᠵᠢᠭᠦᠯᠵᠦ᠂ | ᠬᠢᠴᠢᠶᠡᠯ ᠤᠨ ᠥᠪᠡᠷᠮᠢᠴᠡ ᠬᠠᠩᠭᠠᠯᠭ᠎ᠠ ᠶᠢ ᠪᠡᠶᠡᠯᠡᠭᠦᠯᠦᠨ᠎ᠡ᠃ | ᠬᠤᠶᠠᠷ᠂ ᠬᠡᠯᠪᠡᠷᠢ ᠶᠢᠨ ᠰᠢᠨ᠎ᠡ ᠶᠢ ᠡᠭᠦᠳᠴᠦ᠂ ᠳᠤᠷ᠎ᠠ ᠰᠣᠨᠢᠷᠬᠠᠯ ᠢ ᠬᠦᠭᠵᠢᠭᠡᠨ᠎ᠡ | ᠬᠢᠴᠢᠶᠡᠯ ᠤᠨ ᠬᠤᠭᠤᠷᠣᠨᠳᠣᠬᠢ ᠠᠵᠢᠯᠯᠠᠭ᠎ᠠ ᠨᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠨᠠᠶᠢᠳᠠᠪᠤᠷᠢᠵᠢᠭᠤᠯᠬᠤ | ᠴᠢᠬᠤᠯᠠ ᠠᠴᠢᠶᠠᠯᠠᠪᠤᠷᠢ ᠪᠣᠯᠵᠣ᠂ ᠡᠯ᠎ᠡ ᠰᠤᠷᠭᠠᠭᠤᠯᠢ ᠨᠠᠷᠢᠨ ᠨᠢᠮᠪᠠᠶ ᠤᠬᠠᠭᠠᠯᠠᠨ ᠰᠡᠳᠦᠵᠦ᠂ ᠰᠣᠷᠣᠭᠴᠢ ᠶᠢᠨ | ᠨᠠᠰᠤ ᠵᠢᠯ ᠪᠠ ᠰᠡᠳᠬᠢᠴᠡ ᠶᠢᠨ ᠣᠨᠴᠠᠯᠢᠭ ᠲᠤ ᠨᠡᠶᠢᠴᠡᠭᠰᠡᠨ ᠲᠥᠷᠥᠯ ᠵᠦᠢᠯ ᠢ ᠬᠢᠨᠠᠮᠠᠭᠠᠶ ᠵᠣᠬᠢᠶᠠᠨ ᠪᠠᠶᠢᠭᠤᠯᠵᠤ᠂ | ᠰᠤᠷᠤᠭᠴᠢᠳ ᠢ ᠬᠥᠳᠡᠯᠭᠡᠭᠡᠨ ᠤ ᠳᠤᠮᠳᠠ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠣᠯ ᠵᠢᠷᠭᠠᠯᠲᠤ ᠲᠥᠷᠥᠭᠳᠡᠯ ᠢ | ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠰᠤᠷᠤᠭᠴᠢᠳ ᠤᠨ ᠳᠤᠷ᠎ᠠ ᠰᠣᠨᠢᠷᠬᠠᠯ ᠪᠠ ᠣᠨᠴᠠ ᠴᠢᠳᠠᠪᠤᠷᠢ ᠶᠢ | ᠦᠨᠳᠦᠰᠦᠯᠡᠨ᠂ ᠰᠠᠭᠰᠤᠨ ᠪᠥᠮᠪᠦᠭᠡ᠂ ᠬᠥᠯ ᠪᠥᠮᠪᠦᠭᠡ᠂ ᠫᠢᠩᠫᠠᠩ ᠪᠥᠮᠪᠦᠭᠡ ᠵᠡᠷᠭᠡ ᠣᠯᠠᠨ ᠵᠤᠶᠢᠯ ᠤᠨ | ᠪᠡᠶ᠎ᠡ ᠶᠢᠨ ᠲᠠᠮᠢᠷ ᠤᠨ ᠪᠦᠯᠬᠦᠮ ᠨᠡᠭᠡᠭᠡᠵᠦ᠂ ᠰᠤᠷᠤᠭᠴᠢᠳ ᠢ ᠬᠢᠴᠢᠶᠡᠯ ᠤᠨ ᠵᠠᠪᠰᠠᠷᠯᠠᠭ᠎ᠠ ᠪᠠ ᠬᠢᠴᠢᠶᠡᠯ ᠤᠨ | ᠳᠠᠷᠠᠭᠠᠬᠢ ᠤᠶᠢᠯᠡᠴᠢᠯᠡᠭᠡ ᠶᠢ ᠭᠦᠢᠴᠡᠤᠡ ᠠᠰᠢᠭᠯᠠᠨ ᠥᠪᠡᠷ ᠤᠨ ᠳᠤᠷᠠᠲᠠᠢ ᠪᠡᠶ᠎ᠡ ᠶᠢᠨ ᠲᠠᠮᠢᠷ ᠤᠨ | ᠬᠥᠳᠡᠯᠭᠡᠭᠡᠨ ᠳᠤ ᠦᠷᠭᠦᠯᠵᠢᠯᠡᠨ ᠣᠷᠣᠯᠴᠠᠭᠤᠯᠵᠤ᠂ ᠲᠠᠮᠢᠷ ᠤᠨ ᠬᠥᠳᠡᠯᠭᠡᠭᠡᠨ ᠤ ᠤᠷ᠎ᠠ ᠴᠢᠳᠠᠪᠤᠷᠢ ᠶᠢ ᠨᠢ ᠤᠯᠠᠮ | ᠨᠢᠭᠡ ᠠᠯᠬᠤᠮ ᠳᠡᠭᠡᠭᠰᠢᠯᠡᠭᠦᠯᠪᠡ᠃ | ᠭᠤᠷᠪᠠ᠂ ᠲᠥᠷᠥᠯ ᠵᠦᠢᠯ ᠤᠨ ᠡᠯᠪᠡᠭ ᠳᠡᠯᠪᠡᠭ ᠰᠣᠩᠭᠤᠯᠲᠠ ᠤᠯᠠᠨ | ᠡᠯ᠎ᠡ ᠰᠤᠷᠭᠠᠭᠤᠯᠢ ︽ᠪᠢᠴᠢᠯ ᠥᠭᠡᠷᠡᠴᠢᠯᠡᠯᠲᠡ︾ ᠪᠠᠷ ᠳᠠᠮᠵᠢᠭᠤᠯᠤᠨ᠂ ᠤᠶᠤᠨ ᠳᠤ ᠠᠰᠢᠭᠲᠠᠢ ᠲᠣᠭᠯᠠᠭᠠᠮ᠂ | ᠪᠡᠶ᠎ᠡ ᠶᠢᠨ ᠲᠠᠮᠢᠷ ᠤᠨ ᠵᠢᠵᠢᠭ ᠲᠣᠭᠯᠠᠭᠠᠮ ᠵᠡᠷᠭᠡ ᠭᠤᠤᠯ ᠰᠡᠳᠦᠪᠲᠦ ᠣᠷᠣᠨ ᠪᠦᠰᠡ ᠶᠢ ᠪᠣᠶ ᠪᠣᠯᠭᠠᠪᠠ᠃ ᠳᠡᠭᠡᠰᠦ | ᠦᠰᠦᠷᠬᠦ᠂ ᠲᠡᠪᠡᠭ ᠢᠰᠬᠦᠯᠬᠦ ᠵᠡᠷᠭᠡ ᠤᠯᠠᠮᠵᠢᠯᠠᠯᠲᠤ ᠬᠢᠴᠢᠶᠡᠯ ᠤᠨ ᠬᠤᠭᠤᠷᠣᠨᠳᠣᠬᠢ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠣᠳᠣ ᠦᠶ᠎ᠡ ᠶᠢᠨ AI ᠪᠡᠶ᠎ᠡ ᠶᠢᠨ ᠮᠡᠳᠡᠷᠡᠯ ᠤᠨ ᠰᠢᠰᠲ᠋ᠧᠮ ᠲᠠᠢ ᠤᠶᠠᠯᠳᠤᠭᠤᠯᠵᠤ᠂ ᠪᠡᠶ᠎ᠡ ᠶᠢᠨ | ᠲᠠᠮᠢᠷ ᠤᠨ ᠬᠥᠳᠡᠯᠭᠡᠭᠡᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠭᠳᠡᠯ ᠨᠡᠮᠡᠵᠦ ᠥᠭᠭᠦᠨ᠎ᠡ᠃ ᠰᠤᠷᠭᠠᠭᠤᠯᠢ | ᠰᠤᠷᠭᠠᠭᠤᠯᠢ ᠣᠨᠴᠠᠯᠢᠭ ᠲᠠᠢ᠂ ᠬᠥᠮᠦᠨ ᠪᠣᠯᠭᠠᠨ ᠲᠥᠷᠥᠯ ᠵᠦᠢᠯ ᠲᠠᠢ᠂ ᠠᠩᠭᠢ ᠪᠣᠯᠭᠠᠨ ᠡᠩᠨᠡᠭᠡ ᠲᠠᠢ | ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠰᠣᠶᠣᠯ ᠢ ᠪᠣᠶ ᠪᠣᠯᠭᠠᠪᠠ᠃ | | |