ᠣᠶᠢᠷ᠎ᠠ ᠳᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠳᠡᠳ᠋ ᠳᠠᠷᠤᠭ᠎ᠠ ᠵᠦ ᠯᠢ ᠬᠤᠸᠠ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ | ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠬᠠᠨ ᠵᠢᠶᠠᠨ | ᠬᠤᠸᠠ ᠬᠠᠶᠢᠷᠤᠪ ᠤᠨ ᠲᠣᠬᠤᠶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠲᠣᠭᠤᠷᠢᠭ ᠤᠨ ᠳᠣᠲᠣᠭᠠᠳᠤ ᠶᠢ | ᠬᠠᠮᠠᠭᠠᠯᠠᠬᠤ ᠬᠤᠪᠢᠶᠠᠷᠢ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ︽ | ᠲᠦᠷᠪᠡᠥᠬᠡᠶ ᠬᠤᠶᠠᠷ ᠰᠢᠭᠤᠳ︾ ᠠᠷᠭ᠎ᠠ ᠮᠠᠶ᠋ᠢᠭ ᠢᠶᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠬᠦᠴᠦᠨ ᠲᠠᠢ ᠬᠤᠭᠤᠴᠠᠭ᠎ᠠ ᠶᠢ ᠴᠢᠩᠭᠠᠳᠬᠠᠵᠤ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠲᠤ ᠭᠦᠨᠵᠡᠭᠡᠶᠢᠷᠡᠨ ᠭᠠᠯ | ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ | | ᠭᠤᠤᠯᠳᠠᠭᠤ ᠭᠠᠯ ᠤᠨᠲᠠᠷᠠᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ᠂ ᠲᠠᠷᠬᠠᠭᠠᠨ ᠶᠠᠪᠤᠭᠤᠯᠬᠤ ᠵᠠᠮ ᠬᠢᠭᠡᠳ | ᠠᠮᠤᠷ ᠲᠦᠪᠰᠢᠨ ᠭᠠᠷᠬᠤ ᠡᠭᠦᠳᠡ ᠨᠢ ᠰᠠᠭᠠᠳ ᠥᠬᠡᠶ ᠨᠡᠪᠲᠡᠷᠡᠬᠦ ᠡᠰᠡᠬᠦ᠂ ᠴᠠᠬᠢᠯᠭᠠᠨ ᠤ ᠱᠤᠭᠤᠮ ᠳᠤ ᠭᠤᠶᠠᠴᠢ | ᠥᠬᠡᠶ ᠲᠠᠲᠠᠵᠤ ᠵᠠᠯᠭᠠᠭᠰᠠᠨ᠂ ᠪᠡᠯᠡᠳᠬᠡᠮᠵᠢ ᠶᠢ ᠠᠷᠠᠴᠢᠯᠠᠨ ᠬᠠᠮᠠᠭᠠᠯᠠᠭᠰᠠᠨ ᠵᠢᠴᠢ ᠠᠵᠢᠯᠲᠠᠨ ᠤ ᠵᠢᠵᠢᠭᠦᠷᠯᠡᠨ | ᠰᠠᠬᠢᠵᠤ ᠪᠠᠶᠢᠭ᠎ᠠ ᠵᠡᠷᠭᠡ ᠪᠠᠶᠢᠳᠠᠯ ᠳᠤ ᠴᠢᠭᠯᠡᠭᠦᠯᠵᠦ᠂ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠠᠮᠤᠷ | ᠲᠦᠪᠰᠢᠨ ᠤ ︽ᠳᠥᠷᠪᠡᠨ ᠴᠢᠳᠠᠪᠤᠷᠢ︾ ᠶᠢ ᠰᠤᠭᠤᠴᠢᠨ ᠪᠠᠶᠢᠴᠠᠭᠠᠵᠤ᠂ ᠠᠩᠬᠠᠨ ᠤ ᠬᠤᠭᠤᠴᠠᠭᠠᠨ ᠤ ᠭᠠᠯ | ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠢ ᠵᠢᠭᠠᠨ ᠵᠢᠯᠣᠭᠤᠳᠪᠠ᠃ ᠦ᠋ ᠵᠧᠦ ᠶᠡᠭᠡ ᠪᠠᠭᠤᠳᠠᠯ᠂ ᠱᠢ ᠴᠧᠩ | ᠸᠠᠩ ᠵᠢᠶᠤᠤ ᠰᠢᠷᠠᠮᠠᠯ ᠢᠳᠡᠭᠡᠨ ᠤ ᠳᠡᠯᠭᠡᠭᠦᠷ ᠵᠡᠷᠭᠡ ᠲᠠᠯᠠᠪᠤᠷ ᠲᠤ ᠪᠠᠶᠢᠴᠠᠭᠠᠯᠲᠠ ᠬᠢᠬᠦ ᠪᠠᠷ ᠳᠠᠮᠵᠢᠭᠤᠯᠤᠨ᠂ 10 | ᠬᠡᠮ ᠰᠣᠭᠤᠭ ᠢ ᠢᠯᠡᠷᠡᠭᠦᠯᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠲᠣᠭᠲᠠᠭᠰᠠᠨ ᠬᠤᠭᠤᠴᠠᠭ᠎ᠠ ᠲᠠᠢ ᠪᠠᠷ | ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ | ᠪᠣᠯᠪᠠᠰᠤᠷᠠᠯ ᠰᠣᠷᠢᠯᠲᠠ ᠬᠢᠵᠦ᠂ ᠡᠯ᠎ᠡ ᠲᠥᠷᠥᠯ ᠤᠨ ᠴᠤᠬᠤᠶᠢᠯᠲᠠ ᠶᠢᠨ ᠴᠢᠨᠠᠷᠲᠠᠶ ᠬᠡᠯᠪᠡᠷᠢᠯ ᠤᠨ ᠴᠢᠨᠠᠷᠲᠠᠶ | ᠠᠰᠠᠭᠤᠳᠠᠯ ᠢ ᠴᠢᠩᠭ᠎ᠠ ᠠᠩᠬᠠᠷᠴᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠥᠭᠡᠷᠡᠴᠢᠯᠡᠬᠦ ᠡᠷᠴᠢᠮ ᠢᠶᠠᠨ | ᠴᠢᠩᠭᠠᠷᠠᠭᠤᠯᠪᠠ᠃ | | | ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠷᠭᠦᠯᠵᠢᠯᠡᠨ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠮᠲᠤᠷᠠᠨ ᠪᠠᠶᠢᠴᠠᠭᠠᠬᠤ᠂ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠥᠷᠨᠢᠭᠦᠯᠵᠦ᠂ | ᠭᠤᠣᠯᠳᠠᠯᠭ᠎ᠠ ᠲᠠᠢ ᠬᠦᠷᠢᠶ᠎ᠡ ᠪᠣᠯᠤᠨ ᠭᠤᠣᠯᠳᠠᠯᠭ᠎ᠠ ᠲᠠᠢ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ | ᠠᠬᠢᠭᠤᠯᠵᠤ᠂ ᠠᠷᠠᠳ ᠤᠯᠠᠨ ᠤ ᠠᠮᠢ ᠨᠠᠰᠤ ᠪᠣᠯᠤᠨ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ | ᠬᠦᠴᠦᠨ ᠢᠶᠠᠷ ᠢᠶᠠᠨ ᠬᠠᠮᠠᠭᠠᠯᠠᠨ᠎ᠠ᠃ | |