ᠬᠠᠶᠢᠷᠤᠪ ᠤᠨ ᠲᠣᠬᠤᠢ ᠶᠢᠨ ᠨᠠᠰᠤᠲᠠᠢᠴᠤᠳ ᠤᠨ ᠶᠡᠭᠡ ᠰᠤᠷᠭᠠᠭᠤᠯᠢ ᠵᠢᠩᠬᠢᠨᠢ ᠪᠠᠷ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2025/4/1
    ᠨᠠᠰᠤᠲᠠᠶᠢᠴᠤᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠰᠤᠲᠠᠶᠢᠴᠤᠳ ᠤᠨ ᠰᠣᠶᠣᠯ ᠰᠤᠷᠭᠠᠨ ᠬᠥᠮᠦᠵᠢᠯ ᠤᠨ ᠦᠢᠯᠡᠰ ᠢ ᠴᠢᠩᠭᠠᠳᠬᠠᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠱᠧᠩ ᠱᠢ ᠨᠡᠶᠢᠭᠡᠮ ᠲᠣᠭᠤᠷᠢᠭ ᠦᠬᠠᠶ ᠬᠤᠲᠠ ᠶᠢᠨ ᠠᠵᠢᠯ ᠮᠡᠷᠭᠡᠵᠢᠯ ᠤᠨ ᠰᠤᠷᠭᠠᠭᠤᠯᠢ ᠲᠠᠢ ᠬᠠᠮᠲᠤᠷᠠᠨ ᠨᠠᠰᠤᠲᠠᠶᠢᠴᠤᠳ ᠤᠨ ᠶᠡᠭᠡ ᠰᠤᠷᠭᠠᠭᠤᠯᠢ ᠡᠷᠬᠢᠯᠡᠵᠦ᠂ ᠣᠶᠢᠷ᠎ᠠ ᠳᠤ ᠵᠢᠩᠬᠢᠨᠢ ᠪᠠᠷ ᠬᠢᠴᠢᠶᠡᠯ ᠡᠬᠢᠯᠡᠪᠡ᠃
43846_700x700.jpg   
    ᠰᠤᠷᠭᠠᠭᠤᠯᠢ ᠡᠬᠢᠯᠡᠬᠦ ᠶᠣᠰᠣᠯᠠᠯ ᠳᠡᠭᠡᠷ᠎ᠡ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠬᠢᠴᠢᠶᠡᠯ ᠤᠨ ᠪᠠᠶᠢᠷᠢᠯᠠᠭᠤᠯᠤᠯᠲᠠ ᠶᠢ ᠨᠠᠷᠢᠨ ᠲᠠᠨᠢᠯᠴᠠᠭᠤᠯᠵᠤ᠂ ᠣᠳᠣᠬᠠᠨ ᠳᠤ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠬᠥᠭᠵᠢᠮ ᠤᠨ ᠠᠩᠭᠢ᠂ ᠤᠷᠠᠨ ᠪᠢᠴᠢᠯᠭᠡ ᠤᠷᠠᠨ ᠵᠢᠷᠤᠭ ᠤᠨ ᠠᠩᠭᠢ᠂ ᠬᠥᠭᠵᠢᠮ ᠤᠨ ᠠᠩᠭᠢ ᠵᠡᠷᠭᠡ ᠣᠯᠠᠨ ᠵᠦᠢᠯ ᠤᠨ ᠬᠢᠴᠢᠶᠡᠯ ᠲᠤᠬᠢᠷᠠᠭᠤᠯᠪᠠ᠃ ᠡᠭᠦᠨ ᠤ ᠬᠠᠮᠲᠤ᠂ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠱᠧᠩ ᠱᠢ ᠨᠡᠶᠢᠭᠡᠮ ᠲᠣᠭᠤᠷᠢᠭ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠠᠯᠠᠪᠤᠷ ᠭᠠᠵᠠᠷ ᠤᠨ ᠡᠬᠢ ᠪᠠᠶᠠᠯᠢᠭ ᠪᠠ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠨᠡᠶᠢᠭᠡᠮ ᠲᠣᠭᠤᠷᠢᠭ ᠤᠨ ᠬᠢᠨ ᠬᠤᠷᠠᠯ ᠤᠨ ᠭᠡᠷ᠂ ᠣᠯᠠᠨ ᠴᠢᠳᠠᠮᠵᠢᠲᠤ ᠠᠵᠢᠯᠯᠠᠭᠠᠨ ᠤ ᠲᠠᠰᠤᠭ ᠢ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠬᠢᠴᠢᠶᠡᠯᠯᠡᠬᠦ ᠴᠡᠭ ᠪᠣᠯᠭᠠᠵᠤ᠂ ᠺᠣᠮᠫᠢᠦ᠋ᠲ᠋ᠧᠷ᠂ LED ᠳᠡᠯᠭᠡᠴᠡ᠂ ᠬᠥᠭᠵᠢᠮ ᠤᠨ ᠪᠠᠭᠠᠵᠢ ᠵᠡᠷᠭᠡ ᠵᠢᠭᠠᠨ ᠰᠤᠷᠭᠠᠯᠲᠠ ᠶᠢᠨ ᠪᠠᠭᠠᠵᠢ ᠬᠡᠷᠡᠭᠰᠡᠯ ᠢ ᠪᠦᠷᠢᠨ ᠲᠣᠬᠢᠷᠠᠭᠤᠯᠵᠤ᠂ ︽ᠬᠠᠲᠠᠭᠤ ᠠᠷᠭ᠎ᠠ ᠬᠡᠮᠵᠢᠶ᠎ᠡ︾᠎ ᠪᠠᠷ ᠳᠠᠮᠵᠢᠭᠤᠯᠤᠨ ︽ᠵᠥᠭᠡᠯᠡᠨ ᠦᠢᠯᠡᠴᠢᠯᠡᠭᠡ︾᠎ ᠶᠢ ᠳᠡᠭᠡᠭᠰᠢᠯᠡᠭᠦᠯᠵᠦ᠂ ᠠᠳᠠᠯᠢ ᠪᠤᠰᠤ ᠬᠢᠴᠢᠶᠡᠯ ᠤᠨ ᠬᠡᠷᠡᠭᠴᠡᠭᠡ ᠶᠢ ᠬᠠᠩᠭᠠᠵᠤ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠰᠣᠶᠣᠯ ᠨᠠᠰᠤᠵᠢᠯ ᠤᠨ ᠠᠰᠠᠷᠠᠮᠵᠢ ᠶᠢ ᠨᠢᠭᠡ ᠴᠣᠭᠴᠠᠵᠢᠭᠤᠯᠤᠭᠰᠠᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢ ᠪᠠᠶᠢᠭᠤᠯᠤᠨ᠎ᠠ᠃
43848_700x700.jpg   
    ᠲᠤᠬᠠᠶ ᠶᠢᠨ ᠲᠠᠯᠠᠪᠠᠶ ᠳᠤ ᠂  ᠰᠤᠷᠤᠭᠴᠢᠳ ᠪᠠᠭᠰᠢ ᠶᠢᠨ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ ᠠᠹᠷᠢᠺᠠ ᠲᠢᠪ ᠤᠨ ᠬᠡᠩᠭᠡᠷᠭᠡ ᠶᠢᠨ ᠷᠢᠳᠢ ᠰᠢᠳᠢ ᠶᠢ ᠪᠡᠶᠡᠴᠢᠯᠡᠨ ᠣᠶᠢᠯᠠᠭᠠᠪᠠ᠃ ᠲᠡᠳᠡ ᠬᠡᠩᠭᠡᠷᠭᠡ ᠶᠢᠨ ᠨᠢᠭᠤᠷ ᠢ ᠳᠡᠯᠡᠳᠴᠦ᠂ ᠠᠶᠢᠵᠠᠮ ᠤᠨ ᠪᠠᠶᠢᠳᠠᠯ ᠢ ᠮᠡᠳᠡᠷᠡᠵᠦ᠂ ᠴᠢᠷᠠᠢ ᠳᠤᠨᠢ ᠪᠠᠶᠠᠷ ᠪᠠᠶᠠᠰᠬᠤᠯᠠᠩᠲᠤ ᠢᠨᠢᠶᠡᠮᠰᠦᠭᠯᠡᠯ ᠪᠢᠯᠬᠠᠵᠤ ᠪᠠᠶᠢᠯ᠎ᠠ᠃ ᠡᠶᠢᠮᠦᠷᠬᠦ ᠬᠠᠷᠢᠯᠴᠠᠨ ᠦᠢᠯᠡᠳᠦᠯᠴᠡᠬᠦ ᠬᠡᠯᠪᠡᠷᠢ ᠶᠢᠨ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠨᠢ ᠰᠤᠷᠤᠭᠴᠢᠳ ᠲᠤ ᠰᠢᠨ᠎ᠡ ᠤᠷ᠎ᠠ ᠮᠡᠷᠭᠡᠵᠢᠯ ᠡᠵᠡᠮᠰᠢᠭᠦᠯᠦᠭᠰᠡᠨ ᠢᠶᠠᠷ ᠪᠠᠷᠠᠬᠤ ᠥᠬᠡᠶ ᠪᠠᠰᠠ ᠲᠡᠳᠡᠨ ᠤ ᠣᠷᠣᠯᠴᠠᠬᠤ ᠰᠡᠳᠬᠢᠯᠭᠡ ᠪᠠ ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ ᠶᠢ ᠴᠢᠩᠭᠠᠷᠠᠭᠤᠯᠵᠤ᠂ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠮᠠᠰᠢ ᠬᠥᠭᠵᠢᠶᠡᠨᠲᠡᠶ ᠪᠠᠶᠢᠪᠠ᠃
43847_700x700.jpg   
    ᠨᠠᠰᠤᠲᠠᠶᠢᠴᠤᠳ ᠤᠨ ᠶᠡᠭᠡ ᠰᠤᠷᠭᠠᠭᠤᠯᠢ ᠡᠷᠭᠢᠯᠡᠬᠦ ᠨᠢ ᠨᠠᠰᠤᠲᠠᠶᠢᠴᠤᠳ ᠲᠤ ᠰᠤᠷᠤᠯᠴᠠᠬᠤ ᠪᠠ ᠰᠣᠯᠢᠯᠴᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠨᠠᠰᠤᠲᠠᠶᠢᠴᠤᠳ ᠢ ᠬᠠᠯᠠᠮᠵᠢᠯᠠᠨ ᠴᠢᠬᠤᠯᠠᠴᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠬᠠᠶᠢᠷᠤᠪ ᠤᠨ ᠲᠤᠬᠤᠢ ᠲᠣᠭᠤᠷᠢᠭ ᠨᠡᠩ ᠤᠯᠠᠨ ᠨᠠᠰᠤᠲᠠᠶᠢᠴᠤᠳ ᠢ ᠬᠢᠴᠢᠶᠡᠯ ᠤᠨ ᠲᠠᠩᠬᠢᠮ ᠳᠤ ᠲᠠᠬᠢᠨ ᠣᠷᠣᠭᠤᠯᠵᠤ᠂ ᠥᠪᠡᠷ ᠤᠨ ᠳᠤᠷ᠎ᠠ ᠰᠣᠨᠢᠷᠬᠠᠯ ᠢᠶᠠᠨ ᠬᠥᠭᠡᠭᠡᠴᠡᠯᠳᠦᠵᠦ᠂ ᠠᠮᠢᠳᠤᠷᠠᠯ ᠤᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠵᠦ᠂ ︽ᠥᠲᠡᠯᠪᠡᠯ ᠰᠤᠷᠤᠯᠴᠠᠬᠤ ᠭᠠᠵᠠᠷ ᠲᠠᠢ᠂ ᠥᠲᠡᠯᠪᠡᠯ ᠪᠠᠶᠠᠷ ᠴᠡᠩᠭᠡᠯ ᠲᠠᠢ᠂ ᠥᠲᠡᠯᠪᠡᠯ ᠬᠢᠬᠦ ᠠᠵᠢᠯ ᠲᠠᠢ ᠪᠠᠶᠢᠬᠤ︾᠎ ᠶᠢ ᠪᠡᠶᠡᠯᠡᠭᠦᠯᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号