ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠸᠠᠨ ᠳ᠋ᠠ ᠲᠠᠯᠠᠪᠠᠶ ᠶᠢᠨ ᠠᠵᠢᠯ ᠣᠯᠭᠤᠯᠲᠠ ᠶᠢᠨ | ᠤᠶᠢᠯᠡᠴᠢᠯᠡᠭᠡᠨ ᠤ ᠥᠷᠲᠡᠭᠡ ᠵᠢᠩᠬᠢᠨᠢ ᠪᠠᠷ ᠠᠰᠢᠭᠯᠠᠯᠲᠠ ᠳᠤ ᠣᠷᠣᠵᠤ᠂ ︽1+7+N︾ ᠬᠡᠷ ᠤᠨ ᠡᠭᠦᠳᠡᠨ ᠳᠠᠬᠢ | ᠠᠵᠢᠯ ᠣᠯᠭᠤᠯᠲᠠ ᠶᠢᠨ ᠤᠶᠢᠯᠡᠴᠢᠯᠡᠭᠡᠨ ᠤ ᠲᠣᠤᠷ ᠰᠦᠯᠵᠢᠶ᠎ᠡ ᠶᠢᠨ ᠴᠢᠬᠤᠯᠠ ᠵᠠᠩᠭᠢᠯᠠᠭ᠎ᠠ ᠶᠢᠨ ᠴᠡᠭ ᠪᠣᠯᠤᠭᠰᠠᠨ ᠤ | ᠬᠤᠪᠢ ᠳᠤ᠂ ᠲᠣᠰ ᠤᠶᠢᠯᠡᠴᠢᠯᠡᠭᠡᠨ ᠤ ᠥᠷᠲᠡᠭᠡ ᠸᠠᠨ ᠳ᠋ᠠ ᠬᠤᠳᠠᠯᠳᠤᠭᠠᠨ ᠤ ᠲᠣᠭᠤᠷᠢᠭ ᠤᠨ ᠳᠡᠭᠡᠳᠦ ᠬᠥᠮᠦᠨ ᠤ | ᠤᠷᠤᠰᠬᠠᠯ ᠤᠨ ᠬᠡᠮᠵᠢᠶ᠎ᠡ ᠪᠠ ᠠᠵᠤ ᠤᠶᠢᠯᠡᠰ ᠤᠨ ᠲᠥᠪᠯᠡᠷᠡᠯ ᠤᠨ ᠳᠠᠪᠠᠭᠤᠯᠢᠭ ᠲᠤ ᠲᠦᠰᠢᠭᠯᠡᠨ᠂ ᠡᠷᠬᠢᠨ | ᠲᠣᠭᠤᠷᠢᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠠᠵᠢᠯ ᠡᠷᠢᠭᠰᠡᠳ ᠵᠢᠴᠢ ᠬᠤᠳᠠᠯᠳᠤᠭᠠᠨ ᠤ | ᠲᠣᠭᠤᠷᠢᠭ ᠤᠨ ᠬᠤᠳᠠᠯᠳᠤᠭᠠᠨ ᠤ ᠡᠷᠦᠬᠡ ᠳᠤ ᠥᠨᠳᠥᠷ ᠪᠦᠲᠦᠮᠵᠢᠲᠡᠶ ᠳᠥᠭᠦᠮ ᠳᠥᠲᠡ ᠠᠵᠢᠯ ᠣᠯᠭᠤᠯᠲᠠ ᠶᠢᠨ | ᠤᠶᠢᠯᠡᠴᠢᠯᠡᠭᠡᠨ ᠤ ᠲᠠᠪᠴᠠᠩ ᠪᠠᠶᠢᠭᠤᠯᠵᠤ ᠥᠭᠴᠡᠶ᠃ | | ᠸᠠᠨ ᠳ᠋ᠠ ᠠᠭᠤᠳᠠᠮ ᠲᠠᠯᠠᠪᠠᠢ ᠨᠢ ᠪᠦᠬᠦ ᠬᠤᠳᠠ ᠶᠢᠨ ᠭᠤᠣᠯᠯᠠᠭᠴᠢ ᠬᠤᠳᠠᠯᠳᠤᠭᠠᠨ ᠤ ᠶᠡᠷᠦᠩᠬᠡᠶᠢᠯᠡᠭᠰᠡᠨ | ᠴᠣᠭᠴᠠ ᠪᠣᠯᠤᠭᠰᠠᠨ ᠤ ᠬᠤᠪᠢ ᠳᠤ᠂ ᠡᠳᠦᠷ ᠳᠤᠮᠳᠠᠴᠢ ᠶᠢᠨ ᠠᠶᠠᠨᠴᠢᠳ ᠤᠨ ᠲᠤᠭ᠎ᠠ 2.9 ᠲᠦᠮᠡᠨ ᠬᠥᠮᠦᠨ | ᠤᠳᠠᠭ᠎ᠠ ᠳᠤ ᠬᠦᠷᠴᠦ᠂ 179 ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠤᠳᠠᠯᠳᠤᠭᠠᠨ ᠤ ᠡᠷᠦᠬᠡ ᠶᠢ | ᠬᠤᠷᠠᠮᠳᠤᠭᠤᠯᠵᠤ᠂ ᠠᠵᠢᠯ ᠣᠯᠭᠤᠯᠲᠠ ᠦᠢᠯᠡᠰ ᠪᠤᠰᠬᠠᠬᠤ ᠶᠢ ᠠᠬᠢᠭᠤᠯᠬᠤ ᠴᠢᠬᠤᠯᠠ ᠬᠥᠳᠡᠯᠭᠡᠭᠦᠷ ᠪᠣᠯᠤᠭᠰᠠᠨ | ᠪᠠᠶᠢᠨ᠎ᠠ᠃ ᠦᠢᠯᠡᠴᠢᠯᠡᠭᠡᠨ ᠤ ᠥᠷᠲᠡᠭᠡ ᠨᠢ ︽ᠬᠠᠶᠢᠷᠤᠪ ᠤᠨ ᠲᠣᠬᠤᠶ᠂ ᠬᠡᠷ ᠤᠨ ᠡᠭᠦᠳᠡᠨ ᠳᠤ ᠠᠵᠢᠯ ᠣᠯᠭᠤᠬᠤ︾ | ᠪᠠᠷ ᠭᠤᠤᠯ ᠣᠨᠣᠯᠵᠢᠬᠤᠨ ᠪᠣᠯᠭᠠᠵᠤ᠂ ᠤᠶᠤᠨᠴᠢᠯᠠᠭᠰᠠᠨ ᠲᠥᠬᠦᠭᠡᠷᠦᠮᠵᠢ᠂ ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨ᠎ᠠ ᠬᠤᠯᠪᠣᠭᠠᠯᠠᠨ ᠤᠬᠠᠭᠤᠯᠬᠤ ᠪᠠ ᠣᠯᠠᠨ ᠶᠠᠩᠵᠤ ᠶᠢᠨ ᠠᠵᠢᠯ ᠣᠯᠭᠤᠯᠲᠠ ᠶᠢᠨ ᠠᠵᠢᠯᠯᠠᠭ᠎ᠠ ᠪᠠᠷ | ᠳᠠᠮᠵᠢᠭᠤᠯᠤᠨ᠂ ᠠᠵᠢᠯᠴᠢᠨ ᠬᠡᠷᠡᠭᠯᠡᠬᠦ ᠶᠢ ᠵᠣᠯᠭᠠᠭᠤᠯᠬᠤ᠂ ᠡᠷᠬᠡ ᠠᠰᠢᠭ ᠢ ᠪᠠᠲᠤᠯᠠᠬᠤ᠂ ᠠᠮᠢᠳᠤᠷᠠᠯ ᠤᠨ | ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠲᠠᠪᠴᠠᠩ ᠢ ᠪᠠᠶᠢᠭᠤᠯᠪᠠ᠃ | ᠦᠢᠯᠡᠴᠢᠯᠡᠭᠡᠨ ᠤ ᠥᠷᠲᠡᠭᠡ ᠳᠤ᠂ ᠠᠵᠢᠯ ᠡᠷᠢᠭᠰᠡᠳ ᠦᠬᠠᠶ ᠳᠤ ᠰᠢᠭᠤᠳ ᠤᠷᠢᠬᠤ᠂ BOSS ᠰᠢᠭᠤᠳ | ᠤᠷᠢᠬᠤ ᠵᠡᠷᠭᠡ ᠠᠵᠢᠯᠲᠠᠨ ᠡᠯᠰᠡᠬᠦ ᠲᠠᠪᠴᠠᠩ ᠳᠤ ᠵᠠᠯᠭᠠᠨ ᠣᠷᠣᠭᠤᠯᠬᠤ ᠪᠠᠷ ᠳᠠᠮᠵᠢᠭᠤᠯᠤᠨ ᠠᠵᠢᠯᠲᠠᠨ ᠡᠯᠰᠡᠬᠦ | ᠮᠡᠳᠡᠭᠡ ᠵᠠᠩᠭᠢ ᠶᠢ ᠴᠠᠭ ᠲᠤᠬᠠᠶ ᠳᠤᠨᠢ ᠪᠠᠶᠢᠴᠠᠭᠠᠨ ᠯᠠᠪᠯᠠᠬᠤ ᠶᠢᠨ ᠬᠠᠮᠲᠤ ᠤᠷᠢᠳᠴᠢᠯᠠᠨ ᠪᠣᠯᠵᠣᠬᠤ ᠨᠢᠭᠤᠷᠲᠠᠨ | ᠰᠢᠯᠭᠠᠯᠲᠠ ᠬᠢᠵᠦ᠂ ︽ᠬᠤᠷᠤᠭᠤᠨ ᠦᠵᠦᠭᠦᠷ ᠳᠡᠭᠡᠷᠡᠬᠢ ᠠᠵᠢᠯ ᠣᠯᠭᠤᠯᠲᠠ ᠶᠢᠨ ᠦᠢᠯᠡᠴᠢᠯᠡᠭᠡ︾ ᠶᠢ | ᠪᠡᠶᠡᠯᠡᠭᠦᠯᠵᠦ ᠪᠣᠯᠤᠨ᠎ᠠ᠃ ᠡᠭᠦᠨ ᠤ ᠬᠠᠮᠲᠤ᠂ ᠤᠶᠢᠯᠡᠴᠢᠯᠡᠭᠡᠨ ᠤ ᠥᠷᠲᠡᠭᠡ ᠪᠦᠲᠦᠭᠡᠯᠴᠢ ᠰᠡᠳᠬᠢᠮᠵᠢ᠂ ᠡᠯᠰᠡᠬᠦ | ᠬᠠᠭᠤᠳᠠᠰᠤ ᠵᠢᠴᠢ ᠸᠢᠴᠠᠲ᠂ ᠴᠤᠤᠷᠢᠶ᠎ᠠ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ᠂ | ᠠᠵᠢᠯᠲᠠᠨ ᠡᠯᠰᠡᠬᠦ ᠮᠡᠳᠡᠭᠡ ᠵᠠᠩᠭᠢ ᠪᠠ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠣᠯᠠᠨ ᠠᠷᠭ᠎ᠠ ᠵᠠᠮ ᠢᠶᠠᠷ | ᠨᠡᠶᠢᠲᠡᠯᠡᠪᠡ᠃ | ᠳᠤᠷᠠᠳᠤᠭᠤᠰᠢᠲᠠᠶ ᠨᠢ᠂ ᠦᠢᠯᠡᠴᠢᠯᠡᠭᠡᠨ ᠤ ᠥᠷᠲᠡᠭᠡ ᠨᠢ ︽ᠬᠤᠳᠠᠯᠳᠤᠭᠠᠨ ᠤ ᠡᠷᠦᠬᠡ ᠶᠢᠨ ᠬᠤᠯᠪᠣᠭᠠᠨ ᠤ | ᠲᠥᠯᠥᠪᠯᠡᠭᠡ︾ ᠭᠠᠷᠭᠠᠵᠤ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠲᠠᠢ ᠬᠤᠯᠪᠣᠭᠠᠯᠠᠨ | ᠬᠥᠳᠡᠯᠦᠯᠴᠡᠵᠦ᠂ ᠠᠵᠢᠯ ᠠᠯᠳᠠᠭᠰᠠᠳ ᠤᠨ ᠪᠠᠠᠵᠢᠯ ᠬᠦᠯᠢᠶᠡᠵᠦ ᠪᠠᠶᠢᠭ᠎ᠠ ᠵᠠᠯᠠᠭᠤᠴᠤᠳ ᠤᠨ ᠮᠡᠳᠡᠭᠡ ᠵᠠᠩᠭᠢ ᠶᠢ | ᠬᠠᠮᠲᠤ ᠪᠠᠷ ᠡᠳ᠋ᠯᠡᠵᠦ᠂ ᠠᠵᠢᠯ ᠤᠨ ᠪᠠᠶᠢᠷᠢ ᠬᠢᠭᠡᠳ ᠠᠵᠢᠯ ᠡᠷᠢᠭᠰᠡᠳ ᠢ ᠨᠠᠷᠢᠯᠢᠭ ᠣᠨᠣᠴᠠᠲᠠᠶ ᠪᠠᠷ | ᠵᠣᠬᠢᠴᠠᠭᠤᠯᠬᠤ ᠶᠢ ᠪᠡᠶᠡᠯᠡᠭᠦᠯᠦᠨ᠎ᠡ᠃ | ︽1+7+N︾ ᠠᠵᠢᠯ ᠣᠯᠭᠤᠯᠲᠠ ᠶᠢᠨ ᠦᠢᠯᠡᠴᠢᠯᠡᠭᠡᠨ ᠤ ᠰᠦᠯᠵᠢᠶᠡᠨ ᠤ ᠴᠢᠬᠤᠯᠠ ᠪᠦᠷᠢᠯᠳᠦᠬᠦᠨ ᠬᠡᠰᠡᠭ | ᠪᠣᠯᠤᠭᠰᠠᠨ ᠤ ᠬᠤᠪᠢ ᠳᠤ᠂ ᠸᠠᠨ ᠳ᠋ᠠ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠦᠢᠯᠡᠴᠢᠯᠡᠭᠡᠨ ᠤ | ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠵᠦ᠂ ᠤᠶᠤᠨᠴᠢᠯᠠᠭᠰᠠᠨ᠂ ᠳᠥᠭᠦᠮ ᠳᠥᠲᠡ ᠦᠢᠯᠡᠴᠢᠯᠡᠭᠡᠨ ᠤ ᠵᠠᠭᠪᠤᠷ ᠢᠶᠠᠷ | ᠳᠠᠮᠵᠢᠭᠤᠯᠤᠨ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ︽ᠡᠴᠦᠰ ᠤᠨ ᠨᠢᠭᠡ ᠺᠢᠯᠤᠮᠧᠲᠷ︾ | ᠤᠨ ᠠᠰᠠᠭᠤᠳᠠᠯ ᠢ ᠰᠢᠢᠳᠪᠦᠷᠢᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠠᠭᠤᠭᠠᠯᠢ ᠠᠷᠠᠳ ᠲᠤ ᠠᠵᠢᠯ | ᠣᠯᠭᠤᠬᠤ ᠲᠣᠬᠢᠶᠠᠯ ᠬᠠᠩᠭᠠᠵᠤ᠂ ᠬᠤᠳᠠᠯᠳᠤᠭᠠᠨ ᠤ ᠬᠦᠷᠢᠶᠡᠨ ᠤ ᠠᠵᠤ ᠠᠬᠤᠶ ᠳᠤ ᠰᠢᠨ᠎ᠡ ᠠᠮᠢᠵᠢᠷᠠᠯ ᠤᠨ | ᠬᠦᠴᠦᠨ ᠨᠡᠮᠡᠷᠢᠯᠡᠪᠡ᠃ | ᠬᠠᠶᠢᠷᠤᠪ ᠤᠨ ᠲᠤᠬᠤᠢ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ᠂ ᠸᠠᠨ ᠳ᠋ᠠ ᠠᠵᠢᠯ ᠣᠯᠭᠤᠯᠲᠠ ᠶᠢᠨ ᠦᠢᠯᠡᠴᠢᠯᠡᠭᠡᠨ ᠤ ᠦᠷᠳᠡᠭᠡ ︽ᠠᠷᠠᠳ ᠲᠤ ᠲᠦᠭᠦᠮ | ᠦᠵᠡᠭᠦᠯᠬᠦ᠂ ᠠᠷᠠᠳ ᠢ ᠳᠤᠯᠠᠭᠠᠴᠠᠭᠤᠯᠬᠤ᠂ ᠠᠷᠠᠳ ᠢ ᠪᠠᠶᠠᠵᠢᠭᠤᠯᠬᠤ︾ ᠪᠠᠷ ᠵᠣᠷᠢᠯᠲᠠ ᠪᠣᠯᠭᠠᠵᠤ᠂ | ᠲᠤᠭᠠᠴᠢᠯᠠᠯᠲᠠ ᠶᠢᠨ ᠴᠢᠳᠠᠪᠬᠢ ᠪᠠ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠪᠠᠷ ᠳᠠᠮᠵᠢᠭᠤᠯᠵᠤ᠂ | ᠪᠦᠬᠦ ᠬᠤᠳᠠ ᠶᠢ ᠨᠥᠯᠥᠭᠡᠯᠡᠨ ᠳᠠᠶᠢᠴᠢᠯᠠᠬᠤ ᠠᠵᠢᠯ ᠣᠯᠭᠤᠯᠲᠠ ᠶᠢᠨ ᠦᠢᠯᠡᠴᠢᠯᠡᠭᠡᠨ ᠤ ᠵᠠᠩᠭᠢᠯᠠᠭ᠎ᠠ ᠶᠢ ᠪᠠᠶᠢᠭᠤᠯᠵᠤ᠂ | ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠮᠦᠰ ᠤᠨ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠳᠤ | ᠬᠦᠴᠦᠨ ᠨᠡᠮᠡᠷᠢᠯᠡᠵᠦ᠂ ᠬᠤᠳᠠ ᠶᠢᠨ ᠦᠨᠳᠦᠰᠦᠨ ᠱᠠᠲᠤᠨ ᠤ ᠵᠠᠰᠠᠯᠲᠠ ᠪᠣᠯᠤᠨ ᠠᠵᠤ ᠠᠬᠤᠢ ᠶᠢᠨ | ᠬᠥᠭᠵᠢᠯᠲᠡ ᠶᠢᠨ ᠬᠤᠣᠰ ᠠᠮᠵᠢᠯᠲᠠ ᠶᠢ ᠠᠬᠢᠭᠤᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ | ᠦᠢᠯᠡᠴᠢᠯᠡᠭᠡᠨ ᠤ ᠵᠠᠭᠪᠤᠷ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠨᠡᠩ ᠤᠯᠠᠨ ᠤᠯᠠᠨ ᠲᠦᠮᠡᠨ ᠳᠤ ᠭᠡᠷ ᠤᠨ | ᠡᠭᠦᠳᠡᠨ ᠳᠠᠬᠢ ᠠᠵᠢᠯ ᠤᠯᠬᠤ ᠠᠵᠠ ᠲᠣᠬᠢᠶᠠᠯ ᠬᠠᠩᠭᠠᠵᠤ ᠥᠭᠭᠦᠨ᠎ᠡ ᠭᠡᠪᠡ᠃ | |