ᠬᠠᠶᠢᠷᠤᠪ ᠤᠨ ᠲᠤᠬᠤᠢ  ᠲᠤᠭᠤᠷᠢᠭ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠪᠠᠶᠢᠴᠠᠭᠠᠯᠲᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/4/11
    ᠬᠦᠷᠢᠶᠡᠯᠡᠩ ᠲᠣᠭᠤᠷᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢᠨ ᠲᠥᠯᠥᠭᠡ᠂ 4 ᠰᠠᠷ᠎ᠠ ᠶᠢᠨ 7᠎ ᠤ ᠡᠳᠦᠷ ᠠᠴᠠ ᠡᠬᠢᠯᠡᠨ᠂ ᠬᠠᠶᠢᠷᠤᠪ ᠤᠨ ᠲᠤᠬᠤᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠲᠤᠰᠬᠠᠶ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠷᠢᠯᠢᠭ ᠡᠳ᠋ᠰᠢᠭᠦᠯᠦᠨ ᠦᠢᠯᠡᠳᠬᠦ ᠬᠦᠷᠢᠶᠡᠯᠡᠩ ᠤᠨ ᠳᠣᠲᠣᠷᠠᠬᠢ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ᠂ ᠦᠢᠯᠡᠳᠪᠦᠷᠢᠯᠡᠯ ᠤᠨ ᠵᠢᠷᠤᠮᠵᠢᠯ ᠵᠡᠷᠭᠡ ᠬᠦᠷᠢᠶᠡᠨ ᠳᠤ ᠭᠤᠣᠯᠳᠠᠯᠭ᠎ᠠ ᠲᠠᠢ ᠴᠢᠭᠯᠡᠭᠦᠯᠦᠨ ︽ᠲᠣᠣᠷ ᠲᠠᠲᠠᠬᠤ ᠬᠡᠯᠪᠡᠷᠢ︾᠎ ᠶᠢᠨ ᠪᠠᠶᠢᠴᠠᠭᠠᠯᠲᠠ ᠬᠢᠬᠦ ᠶᠢᠨ ᠬᠠᠮᠲᠤ ᠠᠰᠠᠭᠤᠳᠠᠯ ᠲᠠᠢ ᠠᠵᠤ ᠠᠬᠤᠶᠢᠯᠠᠯ ᠢ ᠴᠢᠩᠭ᠎ᠠ ᠴᠡᠭᠴᠡᠯᠡᠨ ᠵᠠᠰᠠᠵᠤ᠂ ᠠᠮᠤᠷ ᠲᠦᠪᠰᠢᠨ ᠲᠣᠭᠲᠠᠭᠤᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠪᠠ᠃
640 (4).jpg   
    4 ᠰᠠᠷ᠎ᠠ ᠶᠢᠨ 7᠎ ᠤ ᠡᠳᠦᠷ ᠠᠴᠠ 9᠎ ᠤ ᠡᠳᠦᠷ ᠪᠣᠯᠲᠠᠯ᠎ᠠ᠂ ᠪᠠᠶᠢᠴᠠᠭᠠᠬᠤ ᠳᠤᠭᠤᠶᠢᠯᠠᠩ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠠᠵᠤ ᠠᠬᠤᠶᠢᠯᠠᠯ᠂ ᠬᠥᠮᠥᠷᠭᠡᠯᠡᠨ ᠬᠠᠳᠠᠭᠠᠯᠠᠬᠤ ᠲᠥᠷᠥᠯ᠂ ᠢᠳᠡᠭᠡᠨ ᠤ ᠲᠥᠷᠥᠯ᠂ ᠡᠮ ᠡᠮᠨᠡᠯᠭᠡ ᠶᠢᠨ ᠲᠥᠷᠥᠯ᠂ ᠮᠠᠰᠢᠨ ᠤ ᠲᠥᠷᠥᠯ ᠵᠡᠷᠭᠡ 31 ᠠᠵᠤ ᠠᠬᠤᠶᠢᠯᠠᠯ ᠢ ᠱᠠᠯᠠᠪᠳᠠᠨ ᠰᠤᠷᠪᠤᠯᠵᠢᠯᠠᠵᠤ᠂ ᠠᠵᠤ ᠠᠬᠤᠶᠢᠯᠠᠯ ᠤᠨ ᠲᠠᠷᠬᠠᠭᠠᠬᠤ ᠵᠠᠮ ᠰᠠᠭᠠᠳ ᠥᠬᠡᠶ ᠨᠡᠪᠲᠡᠷᠡᠵᠦ ᠪᠠᠶᠢᠬᠤ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠶᠢᠨ ᠪᠠᠭᠠᠵᠢ ᠬᠡᠷᠡᠭᠰᠡᠯ ᠢ ᠪᠦᠷᠢᠨ ᠭᠦᠢᠴᠡᠳ ᠲᠣᠬᠢᠷᠠᠭᠤᠯᠤᠭᠰᠠᠨ ᠡᠰᠡᠬᠦ᠂ ᠪᠦᠷᠢᠨ ᠪᠦᠲᠦᠨ ᠪᠠᠶᠢᠬᠤ ᠡᠰᠡᠬᠦ᠂ ᠴᠠᠬᠢᠯᠭᠠᠨ ᠬᠡᠯᠬᠢᠶ᠎ᠡ ᠶᠢ ᠤᠭᠰᠠᠷᠠᠭᠰᠠᠨ ᠨᠢ ᠵᠢᠷᠤᠮᠵᠢᠭᠰᠠᠨ ᠡᠰᠡᠬᠦ᠂ ᠦᠢᠯᠡᠳᠪᠦᠷᠢᠯᠡᠵᠦ ᠡᠳ᠋ᠰᠢᠭᠦᠯᠬᠦ ᠦᠢᠯᠡᠳᠪᠦᠷᠢ ᠶᠢᠨ ᠲᠠᠰᠤᠭ ᠤᠨ ᠭᠠᠯ ᠴᠠᠬᠢᠯᠭᠠᠨ ᠬᠡᠷᠡᠭᠯᠡᠬᠦ ᠳᠤ ᠱᠠᠭᠠᠷᠳᠠᠯᠭ᠎ᠠ ᠳᠤ ᠨᠡᠶᠢᠴᠡᠬᠦ ᠡᠰᠡᠬᠦ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠨᠠᠷᠢᠨ ᠪᠠᠶᠢᠴᠠᠭᠠᠯᠲᠠ ᠬᠢᠬᠦ ᠶᠢᠨ ᠬᠠᠮᠲᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠮᠡᠳᠡᠯᠭᠡ ᠶᠢ ᠡᠵᠡᠮᠰᠢᠭᠰᠡᠨ ᠪᠠᠶᠢᠳᠠᠯ ᠵᠢᠴᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠭᠰᠡᠨ ᠪᠠᠶᠢᠳᠠᠯ ᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠪᠠ᠃ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠤᠷ ᠲᠤ ᠠᠵᠤ ᠠᠬᠤᠶᠢᠯᠠᠯ ᠳᠤ ᠬᠠᠷᠢᠭᠤ ᠥᠭᠬᠦ ᠶᠢᠨ ᠬᠠᠮᠲᠤ᠂ ᠲᠣᠰ ᠨᠢᠭᠡᠴᠡ ᠶᠢ ᠣᠶᠢᠷ᠎ᠠ ᠶᠢᠨ ᠬᠤᠭᠤᠴᠠᠭᠠᠨ ᠤ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠣᠳᠣᠬᠠᠨ ᠤ ᠭᠠᠯ ᠤᠨᠲᠠᠷᠠᠭᠠᠬᠤ ᠠᠮᠤᠷ ᠲᠦᠪᠰᠢᠨ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠶ ᠪᠠᠶᠢᠳᠠᠯ ᠢ ᠲᠣᠳᠣᠷᠬᠠᠶ ᠲᠠᠨᠢᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠳᠣᠲᠣᠭᠠᠳᠤ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠳᠠᠯᠳᠠ ᠬᠡᠮ ᠳᠤ ᠴᠢᠭᠯᠡᠭᠦᠯᠦᠨ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠳᠠᠯᠳᠠ ᠬᠡᠮ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠬᠢᠨᠠᠮᠠᠭᠠᠶ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃
640 (5).jpg   
   ᠪᠠᠶᠢᠴᠠᠭᠠᠬᠤ ᠳᠤᠭᠤᠶᠢᠯᠠᠩ ᠪᠠᠶᠢᠴᠠᠭᠠᠬᠤ ᠶᠠᠪᠤᠴᠠ ᠳᠠᠭᠠᠨ ᠵᠠᠷᠢᠮ ᠬᠠᠶᠠᠭᠳᠠᠮᠠᠯ ᠡᠳ᠋ ᠢ ᠬᠤᠷᠢᠶᠠᠨ ᠠᠪᠬᠤ ᠠᠵᠤ ᠠᠬᠤᠶᠢᠯᠠᠯ ᠤᠨ ᠲᠤᠬᠠᠶ ᠶᠢᠨ ᠲᠠᠯᠠᠪᠤᠷ ᠤᠨ ᠬᠠᠮᠢᠶᠠᠷᠤᠯᠲᠠ ᠡᠮᠬᠢ ᠵᠠᠮᠪᠠᠷᠠᠭ᠎ᠠ ᠥᠬᠡᠶ᠂ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠᠭᠤᠷᠠᠶ᠂ ᠠᠵᠢᠯ ᠤᠨ ᠦᠢᠯᠡᠳᠪᠦᠷᠢ ᠶᠢᠨ ᠲᠠᠰᠤᠭ ᠲᠤ ᠲᠠᠮᠠᠬᠢ ᠲᠠᠲᠠᠬᠤ ᠵᠡᠷᠭᠡ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠵᠡᠶ᠃ ᠡᠭᠦᠨ ᠤ ᠲᠤᠬᠠᠶ ᠪᠠᠶᠢᠴᠠᠭᠠᠬᠤ ᠳᠤᠭᠤᠶᠢᠯᠠᠩ ᠲᠡᠷᠡ ᠳᠠᠷᠤᠶ ᠳᠤᠨᠢ ᠬᠤᠯᠪᠣᠭᠳᠠᠯ ᠪᠦᠬᠦᠢ ᠬᠥᠮᠦᠰ ᠢ ᠰᠢᠭᠦᠮᠵᠢᠯᠡᠨ ᠰᠤᠷᠭᠠᠬᠤ ᠶᠢᠨ ᠬᠠᠮᠲᠤ ᠠᠵᠤ ᠠᠬᠤᠶᠢᠯᠠᠯ ᠢ ᠬᠤᠭᠤᠴᠠᠭ᠎ᠠ ᠲᠣᠭᠲᠠᠭᠠᠨ ᠴᠡᠭᠴᠡᠯᠡᠬᠦ ᠬᠡᠷᠡᠭᠲᠡᠶ ᠭᠡᠵᠦ ᠱᠠᠭᠠᠷᠳᠠᠪᠠ᠃     ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠬᠠᠷᠢᠶᠠᠲᠤ ᠣᠷᠣᠨ ᠤ ᠦᠢᠯᠡᠳᠪᠦᠷᠢ ᠶᠢᠨ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠪᠠ ᠲᠣᠭᠲᠠᠭᠤᠨ ᠢᠶᠠᠷ ᠬᠥᠭᠵᠢᠬᠦ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠶᠤᠯᠭᠦᠢ ᠦᠢᠯᠡᠳᠪᠦᠷᠢᠯᠡᠯ ᠪᠣᠯᠤᠨ ᠭᠠᠯ ᠤᠨ ᠭᠠᠮᠰᠢᠭ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢᠨ ︽ᠨᠠᠷᠢᠨ ᠲᠠᠩᠰᠠᠴᠢᠯᠠᠬᠤ︾ ᠬᠠᠮᠢᠶᠠᠷᠤᠯᠲᠠ ᠶᠢ ᠪᠠᠶᠢᠭᠤᠯᠵᠤ᠂ ᠵᠦᠢᠯ ᠳᠠᠷᠠᠭᠠᠯᠠᠨ ᠰᠢᠯᠭᠠᠨ ᠠᠪᠴᠤ ᠳ᠋ᠤᠭᠠᠷ ᠬᠠᠰᠤᠬᠤ ᠪᠠᠷ ᠪᠠᠶᠢᠨ᠎ᠠ︔ ᠠᠵᠢᠯ ᠲᠥᠷᠥᠯ ᠤᠨ ᠠᠮᠤᠷ ᠲᠦᠪᠰᠢᠨ ᠤ ᠰᠡᠷᠡᠮᠵᠢᠯᠡᠭᠦᠯᠬᠦ ᠬᠤᠷᠠᠯ ᠢ ᠵᠣᠬᠢᠶᠠᠨ ᠪᠠᠶᠢᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠨ᠎ᠡ︔ ᠲᠣᠣᠷᠵᠢᠭᠤᠯᠤᠭᠰᠠᠨ ᠲᠣᠭᠤᠷᠢᠨ ᠪᠠᠶᠢᠴᠠᠭᠠᠬᠤ ᠲᠣᠭᠲᠠᠴᠠ ᠶᠢ ᠬᠡᠷᠡᠭᠵᠢᠭᠦᠯᠵᠦ᠂ ︽ᠰᠥᠨᠢ ᠶᠢᠨ ᠪᠠᠶᠢᠴᠠᠭᠠᠯᠲᠠ+ ᠱᠠᠯᠠᠪᠳᠠᠨ ᠪᠠᠶᠢᠴᠠᠭᠠᠬᠤ︾᠎ ᠶᠢ ᠪᠠᠶᠢᠩᠭᠤᠵᠢᠭᠤᠯᠤᠨ ᠥᠷᠨᠢᠭᠦᠯᠵᠦ᠂ ᠠᠰᠠᠭᠤᠳᠠᠯ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠤ ᠱᠠᠭᠠᠷᠳᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号