4 ᠰᠠᠷ᠎ᠠ ᠶᠢᠨ 10 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ︽ᠦᠵᠡᠯ ᠰᠠᠨᠠᠭ᠎ᠠ ᠤᠯᠤᠰ ᠲᠦᠷᠦ ᠶᠢ | ᠴᠢᠩᠭᠠᠳᠬᠠᠵᠤ ᠬᠥᠮᠦᠨ ᠢ ᠬᠥᠮᠦᠵᠢᠭᠦᠯᠬᠦ ᠶᠢ ᠭᠦᠨᠵᠡᠭᠡᠶᠢᠷᠡᠭᠦᠯᠬᠦ︾ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠢ | ᠡᠷᠬᠢᠯᠡᠪᠡ᠃ ᠲᠣᠰ ᠤᠳᠠᠭᠠᠨ ᠤ ᠪᠣᠯᠪᠠᠰᠤᠷᠠᠭᠤᠯᠤᠯ ᠳᠤ ᠨᠡᠶᠢᠲᠡ 260 ᠬᠥᠮᠦᠨ ᠣᠷᠣᠯᠴᠠᠵᠤ᠂ ᠡᠭᠦᠨ ᠳᠤ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ᠂ ᠠᠩᠭᠢ ᠶᠢᠨ ᠡᠷᠬᠢᠯᠡᠭᠴᠢ ᠵᠢᠴᠢ ᠰᠤᠷᠭᠠᠨ ᠬᠥᠮᠦᠵᠢᠯ ᠤᠨ | ᠠᠵᠢᠯᠲᠠᠨ ᠪᠠᠭᠲᠠᠨ᠎ᠠ᠂ ᠪᠠᠰᠠ ᠠᠵᠤ ᠠᠬᠤᠶᠢᠯᠠᠯ ᠤᠨ ᠦᠵᠡᠯ ᠰᠠᠨᠠᠭ᠎ᠠ ᠤᠯᠤᠰ ᠲᠥᠷᠥ ᠶᠢ ᠬᠤᠪᠢᠳᠠᠨ ᠬᠠᠮᠢᠶᠠᠷᠴᠤ | ᠪᠠᠶᠢᠭ᠎ᠠ ᠠᠵᠢᠯᠲᠠᠨ ᠪᠠᠭᠲᠠᠨ᠎ᠠ᠃ | | ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠪᠦᠬᠡᠴᠢᠯᠠᠭᠤ ᠫᠷᠤᠹᠧᠰᠰᠤᠷ ᠢ | ᠤᠷᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢᠨ ᠲᠣᠭᠤᠷᠢᠨ ᠳᠤ᠂ ᠥᠭᠡᠷᠡᠴᠢᠯᠡᠯᠲᠡ ᠨᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠬᠡᠷᠬᠢᠨ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠬᠦ ᠲᠤᠬᠠᠶ ᠣᠯᠠᠨ ᠳᠤ ᠭᠦᠨᠵᠡᠭᠡᠶ | ᠲᠠᠶᠢᠯᠪᠤᠷᠢᠯᠠᠯᠲᠠ ᠬᠢᠵᠦ᠂ ᠬᠤᠷᠠᠯ ᠳᠤ ᠣᠷᠣᠯᠴᠠᠭᠰᠠᠳ ᠲᠤ ᠤᠯᠤᠰ ᠤᠨ ᠲᠦᠷᠦ ᠶᠢᠨ ᠪᠤᠳᠤᠯᠭ᠎ᠠ ᠶᠢᠨ ᠲᠤᠬᠠᠢ ᠨᠡᠩ | ᠭᠦᠨᠵᠡᠭᠡᠢ ᠣᠶᠢᠯᠠᠭᠠᠯᠲᠠ ᠲᠠᠢ ᠪᠣᠯᠭᠠᠪᠠ︔ ᠦᠬᠠᠢ ᠬᠤᠳᠠ ᠶᠢᠨ ᠨᠠᠮ ᠤᠨ ᠬᠤᠷᠢᠶᠠᠨ ᠤ ᠯᠧᠺᠲ᠋ᠣᠷ᠂ ᠵᠢᠶᠠᠩ ᠬᠦᠢ | ᡁᠢ ᠳᠡᠳ᠋ ᠫᠷᠤᠹᠧᠰᠰᠤᠷ ᠨᠢ ᠦᠬᠠᠢ ᠶᠢᠨ ᠲᠡᠦᠬᠡ ᠲᠠᠢ ᠤᠶᠠᠯᠳᠤᠭᠤᠯᠵᠤ᠂ ᠣᠷᠣᠨ ᠨᠤᠲᠤᠭ ᠤᠨ ᠣᠨᠴᠠᠯᠢᠭ ᠲᠠᠢ | ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠥᠷᠨᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ | ᠪᠣᠯᠤᠨ ᠠᠵᠤ ᠠᠬᠤᠶᠢᠯᠠᠯ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠳᠤ ᠲᠤᠬᠠᠢ ᠶᠢᠨ ᠭᠠᠵᠠᠷ ᠤᠨ ᠬᠥᠮᠦᠨ | ᠬᠥᠮᠦᠵᠢᠭᠦᠯᠬᠦ ᠰᠡᠳᠬᠢᠴᠡ ᠶᠢ ᠬᠠᠩᠭᠠᠵᠠᠢ᠃ | | ᠲᠤᠬᠠᠢ ᠶᠢᠨ ᠲᠠᠯᠠᠪᠤᠷ ᠡᠮᠬᠢ ᠵᠠᠮᠪᠠᠷᠠᠭ᠎ᠠ ᠲᠠᠢ ᠪᠠᠶᠢᠨ᠎ᠠ᠃ ᠬᠢᠴᠢᠶᠡᠯ ᠵᠢᠭᠠᠭᠰᠠᠨ ᠨᠢ ᠭᠤᠶᠢᠳᠠ ᠰᠠᠶᠢᠬᠠᠨ᠂ | 260 ᠣᠷᠣᠯᠴᠠᠭᠴᠢ ᠨᠠᠷᠢᠨ ᠬᠢᠨᠠᠮᠠᠭᠠᠢ ᠰᠣᠨᠣᠰᠴᠤ᠂ ᠵᠠᠩᠭᠢᠯᠠᠭ᠎ᠠ ᠶᠢᠨ ᠭᠠᠵᠠᠷ ᠲᠤ ᠦᠳᠲᠡᠷ ᠲᠦᠷᠭᠡᠨ ᠪᠢᠷ ᠤᠨ | ᠲᠡᠮᠳᠡᠭᠯᠡᠯ ᠢᠶᠠᠨ ᠳᠡᠪᠰᠢᠭᠦᠯᠵᠡᠢ᠃ ᠦᠬᠠᠶ ᠬᠤᠲᠠ ᠶᠢᠨ ᠵᠦᠸᠧ ᠡᠯ ᠰᠢᠨ᠎ᠡ ᠡᠨᠧᠷᠭᠢ ᠶᠢᠨ ᠨᠡᠭᠡᠭᠡᠨ | ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠢᠦᠶ ᠬᠤᠩ ᠹᠸᠢ ︽ᠥᠨᠥᠳᠦᠷ ᠤᠨ | ᠪᠣᠯᠪᠠᠰᠤᠷᠠᠯ ᠳᠤ ᠣᠷᠣᠯᠴᠠᠭᠰᠠᠨ ᠨᠢ ᠨᠠᠳᠠ ᠳᠤ ᠣᠨᠴᠠᠭᠠᠶ ᠭᠦᠨ ᠰᠠᠭᠤᠭᠳᠠᠯ ᠥᠭᠭᠦᠭᠰᠡᠨ ᠶᠤᠮ᠃ ᠪᠠᠭᠰᠢ ᠶᠢᠨ | ᠶᠠᠷᠢᠭᠰᠠᠨ ᠡᠳᠡᠭᠡᠷ ᠠᠭᠤᠯᠭ᠎ᠠ ᠨᠢ ᠪᠦᠷ ᠤᠯᠠᠨ ᠲᠦᠮᠡᠨ ᠤ ᠠᠩᠬᠠᠷᠤᠯ ᠢ ᠲᠠᠲᠠᠵᠤ᠂ ᠰᠣᠨᠣᠰᠴᠤ ᠪᠠᠷᠠᠭᠰᠠᠨ ᠤ | ᠳᠠᠷᠠᠭ᠎ᠠ ᠮᠢᠨᠦ ᠠᠵᠤ ᠠᠬᠤᠶᠢᠯᠠᠯ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠰᠠᠶᠢᠲᠤᠷ ᠬᠢᠬᠦ ᠳᠤ ᠮᠠᠰᠢ | ᠶᠡᠭᠡ ᠰᠡᠩᠬᠡᠷᠡᠭᠦᠯᠦᠯ ᠪᠣᠯᠤᠭᠰᠠᠨ ᠪᠠᠶᠢᠨ᠎ᠠ᠃ ᠪᠢᠳᠡ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ | ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ᠂ ᠠᠵᠤ ᠠᠬᠤᠶᠢᠯᠠᠯ ᠤᠨ ᠵᠣᠷᠢᠭ ᠰᠠᠨᠠᠭ᠎ᠠ ᠶᠢ ᠪᠤᠶᠢᠵᠢᠭᠤᠯᠬᠤ᠂ ᠠᠵᠤ | ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠵᠡᠷᠭᠡ ᠠᠵᠢᠯ ᠲᠠᠢ ᠤᠶᠠᠯᠳᠤᠭᠤᠯᠵᠤ᠂ ᠠᠵᠤ ᠠᠬᠤᠶᠢᠯᠠᠯ ᠤᠨ ᠴᠢᠨᠠᠷ | ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠵᠤ᠂ ᠠᠵᠤ ᠠᠬᠤᠶᠢᠯᠠᠯ ᠤᠨ | ᠠᠵᠤ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠤᠨ ︿ᠬᠤᠣᠰ ᠡᠯᠪᠡᠭ ᠬᠤᠷᠢᠶᠠᠯᠲᠠ﹀ ᠶᠢ | ᠪᠡᠶᠡᠯᠡᠭᠦᠯᠬᠦ ᠶᠢ ᠠᠬᠢᠭᠤᠯᠬᠤ ᠬᠡᠷᠡᠭᠲᠡᠢ︾ ᠭᠡᠵᠦ ᠬᠡᠯᠡᠪᠡ᠃ ᠦᠬᠠᠶ ᠬᠤᠲᠠ ᠶᠢᠨ ᠶᠢᠰᠦᠳᠦᠭᠡᠷ ᠪᠠᠭ᠎ᠠ | ᠰᠤᠷᠭᠠᠭᠤᠯᠢ ᠶᠢᠨ ᠪᠠᠭᠰᠢ ᠶᠠᠩ ᠯᠢᠦ ᠪᠠᠰᠠ ᠪᠣᠯᠪᠠᠰᠤᠷᠠᠯ ᠬᠢᠭᠰᠡᠨ ᠤ ᠳᠠᠷᠠᠭ᠎ᠠ ︽ᠪᠢᠳᠡ ᠡᠲᠡᠭᠡᠷ ᠠᠭᠤᠯᠭ᠎ᠠ ᠶᠢ | ᠬᠤᠶᠢᠰᠢᠳᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ | ᠬᠥᠮᠦᠵᠢᠯ ᠳᠤ ᠠᠭᠤᠰᠬᠠᠵᠤ᠂ ᠰᠤᠷᠤᠭᠴᠢᠳ ᠲᠤ ᠨᠤᠲᠤᠭ ᠤᠰᠤᠨ ᠤ ᠪᠠᠨ ᠲᠡᠦᠬᠡ ᠰᠣᠶᠣᠯ ᠢ ᠨᠠᠩ ᠢᠯᠡᠭᠦᠤ | ᠣᠶᠢᠯᠠᠭᠠᠭᠤᠯᠵᠤ᠂ ᠲᠡᠳᠡᠨ ᠤ ᠨᠤᠲᠤᠭ ᠤᠰᠤᠨ ᠳᠠᠭᠠᠨ ᠬᠠᠶᠢᠷᠠᠲᠠᠶ ᠪᠠᠶᠢᠬᠤ ᠪᠠ ᠦᠨᠳᠦᠰᠦᠲᠡᠨ ᠤ ᠰᠣᠶᠣᠯ ᠢᠶᠠᠨ | ᠮᠡᠳᠡᠷᠡᠬᠦ ᠰᠡᠳᠬᠢᠯᠭᠡ ᠶᠢ ᠨᠡᠮᠡᠭᠳᠡᠭᠦᠯᠬᠦ ᠪᠠᠷ ᠲᠥᠯᠥᠪᠯᠡᠵᠦ ᠪᠣᠶ᠂ ᠪᠠᠰᠠ ᠦᠵᠡᠯ ᠰᠠᠨᠠᠭ᠎ᠠ ᠤᠯᠤᠰ ᠲᠥᠷᠥ ᠶᠢᠨ | ᠰᠤᠷᠭᠠᠨ ᠬᠥᠮᠦᠵᠢᠯ ᠢ ᠨᠠᠩ ᠠᠮᠢᠳᠤᠯᠢᠭ᠂ ᠨᠠᠩ ᠣᠷᠣᠨ ᠨᠤᠲᠤᠭ ᠤᠨ ᠣᠨᠴᠠᠯᠢᠭ ᠲᠠᠢ ᠪᠣᠯᠭᠠᠬᠤ ᠪᠠᠷ ᠲᠥᠯᠥᠪᠯᠡᠵᠦ | ᠪᠣᠶ︾ ᠭᠡᠵᠦ ᠬᠡᠯᠡᠪᠡ᠃ | | ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠤᠰ ᠤᠳᠠᠭ᠎ᠠ ᠶᠢᠨ ᠪᠣᠯᠪᠠᠰᠤᠷᠠᠯ ᠢᠶᠠᠷ ᠰᠢᠨ᠎ᠡ ᠭᠠᠷᠤᠭ᠎ᠠ | ᠪᠣᠯᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠵᠠᠭᠪᠤᠷ ᠢ | ᠦᠷᠭᠦᠯᠵᠢᠯᠡᠨ ᠰᠦᠪᠡᠭᠴᠢᠯᠡᠵᠦ᠂ ᠰᠤᠷᠭᠠᠨ ᠬᠥᠮᠦᠵᠢᠯ ᠪᠣᠯᠤᠨ ᠨᠡᠶᠢᠭᠡᠮ ᠤᠨ ᠬᠥᠭᠵᠢᠯᠲᠡ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠭᠠᠵᠠᠷ ᠣᠷᠣᠨ ᠳᠤ ᠨᠡᠩ ᠤᠯᠠᠨ ᠮᠣᠷᠠᠯ ᠴᠢᠳᠠᠪᠤᠷᠢ ᠬᠤᠣᠰᠯᠠᠭᠰᠠᠨ ᠰᠢᠯᠢᠳᠡᠭ | ᠴᠢᠳᠠᠪᠤᠷᠢᠲᠠᠨ ᠢ ᠬᠥᠮᠦᠵᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠦᠵᠡᠯ ᠰᠠᠨᠠᠭ᠎ᠠ ᠤᠯᠤᠰ ᠲᠦᠷᠦ ᠶᠢᠨ | ᠰᠤᠷᠭᠠᠨ ᠬᠥᠮᠦᠵᠢᠯ ᠤᠨ ᠬᠦᠷᠢᠶᠡᠨ ᠳᠤ ᠲᠠᠰᠤᠷᠠᠯᠲᠠ ᠦᠭᠡᠢ ᠤᠷᠤᠭᠰᠢᠯᠠᠬᠤ ᠶᠢ ᠠᠬᠢᠭᠤᠯᠵᠤ᠂ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | | ᠵᠠᠯᠭᠠᠭᠠᠳ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ | ᠭᠤᠷᠪᠠᠳᠤᠭᠠᠷ ᠪᠦᠬᠦᠳᠡ ᠬᠤᠷᠠᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠴᠢᠬᠤᠯᠠ ᠪᠠᠶᠢᠷᠢᠯᠠᠭᠤᠯᠤᠯᠲᠠ ᠶᠢ ᠭᠦᠨᠵᠡᠭᠡᠢ | ᠰᠤᠷᠤᠯᠴᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠣᠷᠣᠨ ᠪᠠᠶᠢᠷᠢ ᠶᠢᠨ ᠳᠠᠪᠠᠭᠤᠯᠢᠭ ᠲᠠᠭᠠᠨ | ᠰᠠᠭᠤᠷᠢᠯᠠᠵᠤ᠂ ᠦᠬᠠᠢ ᠶᠢᠨ ᠲᠡᠦᠬᠡ ᠶᠢᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠰᠢᠨ᠎ᠡ ᠴᠠᠭ ᠦᠶ᠎ᠡ ᠶᠢᠨ | ᠥᠭᠡᠷᠡᠴᠢᠯᠡᠯᠲᠡ ᠶᠢᠨ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ ᠦᠬᠠᠶ ᠬᠤᠲᠠ ᠶᠢᠨ ᠭᠤᠣᠯ | ᠬᠤᠳᠠ ᠶᠢᠨ ᠲᠣᠭᠤᠷᠢᠭ ᠪᠣᠯᠤᠭᠰᠠᠨ ᠤ ᠬᠤᠪᠢ ᠳᠤ᠂ ᠬᠠᠶᠢᠷᠤᠪ ᠤᠨ ᠲᠤᠬᠤᠢ ᠨᠢ ᠨᠡᠭᠦᠷᠡᠰᠦ ᠪᠠᠷ ᠬᠥᠭᠵᠢᠨ | ᠮᠠᠨᠳᠤᠭᠰᠠᠨ ᠪᠥᠭᠡᠳ ᠬᠡᠯᠪᠡᠷᠢ ᠶᠢᠨ ᠬᠤᠪᠢᠷᠠᠯᠲᠠ ᠶᠢᠨ ᠡᠪᠡᠷᠰᠢᠶᠡᠯ ᠢ ᠣᠯᠠᠨᠲᠠ ᠥᠩᠭᠡᠷᠡᠭᠡᠭᠰᠡᠨ ᠶᠤᠮ᠃ ︽ | ᠨᠡᠭᠦᠷᠡᠰᠦ ᠪᠠᠷ ᠪᠠᠶᠢᠭᠤᠯᠬᠤ︾ ᠠᠴᠠ ︽ᠤᠯᠠᠨ ᠡᠰᠢᠴᠢᠯᠡᠭᠰᠡᠨ ᠬᠥᠭᠵᠢᠯᠲᠡ︾ ᠬᠦᠷᠲᠡᠯ᠎ᠡ᠂ ︽ᠠᠵᠤ | ᠦᠢᠯᠡᠳᠪᠦᠷᠢ ᠶᠢᠨ ᠭᠠᠭᠴᠠᠭᠠᠷ ᠶᠡᠭᠡ︾ ᠠᠴᠠ ︽ᠠᠮᠢ ᠠᠬᠤᠢ ᠶᠢ ᠲᠡᠷᠢᠭᠦᠨ ᠳᠤ ᠲᠠᠯᠪᠢᠬᠤ︾ ᠬᠦᠷᠲᠡᠯ᠎ᠡ᠂ ᠡᠨᠡ ᠬᠦ | ᠭᠠᠵᠠᠷ ᠰᠢᠷᠣᠢ ᠨᠢ ᠥᠭᠡᠷᠡᠴᠢᠯᠡᠯᠲᠡ ᠨᠡᠬᠡᠬᠡᠯᠳᠡ ᠶᠢᠨ ᠠᠤᠭ᠎ᠠ ᠬᠦᠴᠦᠨ ᠢ ᠭᠡᠷᠡᠴᠢᠯᠡᠪᠡ᠃ | ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠢ ᠦᠬᠠᠶ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ | ᠬᠡᠯᠲᠡᠰ᠂ ᠦᠬᠠᠶ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠠᠴᠠ ᠵᠢᠯᠣᠭᠤᠳᠴᠤ᠂ | ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠶᠢᠷᠤᠪ ᠤᠨ ᠲᠣᠬᠤᠢ | ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ | ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠠᠶᠢᠷᠤᠪ ᠤᠨ ᠲᠣᠬᠤᠢ | ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠳᠠᠭᠠᠭᠠᠴᠢᠯᠠᠨ ᠡᠷᠭᠢᠯᠡᠪᠡ᠃ | |