ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 9 ᠤ | ᠦᠳᠡ ᠶᠢᠨ ᠬᠤᠶᠢᠨ᠎ᠠ ᠠᠵᠤ ᠠᠬᠤᠢ ᠶᠢᠨ ᠪᠠᠶᠢᠳᠠᠯ ᠤᠨ ᠲᠤᠰᠬᠠᠢ ᠮᠡᠷᠭᠡᠵᠢᠯᠲᠡᠨ ᠪᠠ ᠠᠵᠤ ᠠᠬᠤᠶᠢᠯᠠᠯᠲᠠᠳ ᠤᠨ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠲᠠᠷᠠᠭᠠᠴᠢ ᠶᠢᠨ | ᠠᠯᠬᠤᠮ ᠤᠨ ᠠᠵᠤ ᠠᠬᠤᠢ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃ | ᠶᠠᠷᠢᠯᠴᠠᠬᠤ ᠬᠤᠷᠠᠯ ᠳᠡᠭᠡᠷ᠎ᠡ᠂ ᠵᠠᠩ ᠪᠢᠨ᠂ ᠯᠢ ᠰᠢᠶᠦ᠋ᠨ ᠯᠧᠢ᠂ ᠱᠧᠨ ᠵᠢᠶᠠᠨ ᠭᠤᠸᠠᠩ᠂ ᠸᠠᠨ ᠮᠢᠨ᠂ ᠵᠧᠩ ᠶᠢᠨ᠂ | ᠫᠧᠩ ᡁᠢ ᠬᠤᠶ᠂ ᠸᠠᠩ ᠽᠤᠸᠠᠨ ᠨᠠᠷ ᠤᠷᠢᠳ ᠬᠤᠵᠢᠳ ᠦᠭᠡ ᠬᠡᠯᠡᠪᠡ᠃ ᠤᠯᠠᠨ ᠢᠶᠠᠷ ᠢᠶᠠᠨ᠂ ᠵᠢᠯ ᠤᠨ ᠡᠬᠢᠨ ᠠᠴᠠ | ᠨᠠᠭᠠᠰᠢ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠰᠢᠨ᠎ᠡ ᠲᠡᠶᠢᠰᠢ | ᠰᠠᠶᠢᠵᠢᠷᠠᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠲᠦᠷᠭᠡᠨ ᠪᠤᠵᠠᠭᠠᠶᠢᠷᠠᠪᠠ᠃ ᠬᠡᠳᠦ᠋ᠢᠪᠡᠷ ᠭᠠᠳᠠᠭᠠᠳᠤ | ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠵᠤ ᠴᠥᠭᠡᠨ ᠪᠤᠰᠤ ᠬᠦᠴᠢᠷᠳᠡᠯ ᠲᠤᠯᠭᠠᠷᠠᠭᠰᠠᠨ ᠪᠤᠯᠪᠠᠴᠤ ᠮᠠᠨ ᠤ | ᠤᠯᠤᠰ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠤᠯᠠᠨ᠂ ᠤᠶᠠᠨ ᠬᠠᠳᠠᠨ ᠴᠢᠨᠠᠷ ᠴᠢᠩᠭ᠎ᠠ᠂ ᠲᠠᠯᠳᠠ ᠬᠦᠴᠦᠨ ᠶᠡᠭᠡ᠂ | ᠬᠥᠭᠵᠢᠯᠲᠡ ᠶᠢᠨ ᠢᠷᠡᠭᠡᠳᠦᠢ ᠤᠷᠳᠤ ᠬᠤᠭᠤᠴᠠᠭ᠎ᠠ ᠪᠠᠷ ᠰᠠᠶᠢᠨ ᠪᠠᠶᠢᠨ᠎ᠠ ᠭᠡᠵᠦ ᠦᠵᠡᠪᠡ᠃ ᠣᠯᠠᠨ ᠢᠶᠠᠷ ᠢᠶᠠᠨ ᠪᠠᠰᠠ | ᠭᠠᠳᠠᠨᠠᠬᠢ ᠳᠠᠭᠠᠷᠢᠯᠲᠠ ᠶᠢ ᠠᠷᠭᠠᠴᠠᠭᠠᠬᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠲᠤᠬᠠᠢ ᠰᠠᠨᠠᠯ | ᠰᠠᠨᠠᠭᠤᠯᠭ᠎ᠠ ᠳᠤᠷᠠᠳᠴᠠᠢ᠃ | ᠲᠤᠰᠬᠠᠢ ᠮᠡᠷᠭᠡᠵᠢᠯᠲᠡᠨ ᠪᠣᠯᠣᠨ ᠠᠵᠤ ᠠᠬᠤᠶᠢᠯᠠᠯᠲᠠᠨ ᠤ ᠦᠭᠡ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ | ᠳᠠᠷᠠᠭ᠎ᠠ᠂ ᠯᠢ ᠴᠢᠶᠠᠩ᠂ ᠡᠨᠡ ᠵᠢᠯ ᠤᠨ ᠪᠠᠶᠢᠳᠠᠯ ᠨᠡᠯᠢᠶᠡᠳ ᠣᠨᠴᠠᠭᠠᠶ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠡᠯ᠎ᠡ ᠵᠦᠢᠯ ᠤᠨ ᠠᠶᠤᠯ ᠲᠦᠭᠰᠢᠭᠦᠷᠢ | ᠥᠷᠢᠰᠦᠯᠳᠦᠭᠡᠨ ᠢ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠲᠦᠷᠦᠭᠦᠦ ᠤᠯᠠᠷᠢᠯ ᠤᠨ ᠠᠵᠤ ᠠᠬᠤᠢ ᠶᠢᠨ ᠡᠷᠭᠢᠯᠲᠡ | ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠣᠯᠪᠠ᠃ ᠡᠭᠦᠨ ᠤ ᠵᠡᠷᠭᠡ ᠪᠠᠷ᠂ ᠭᠠᠳᠠᠨᠠᠬᠢ ᠳᠠᠭᠠᠷᠢᠯᠲᠠ ᠨᠢ ᠮᠠᠨ ᠤ | ᠤᠯᠤᠰ ᠤᠨ ᠠᠵᠤ ᠠᠬᠤᠢ ᠶᠢᠨ ᠲᠣᠭᠲᠠᠭᠤᠨ ᠡᠷᠭᠢᠯᠲᠡ ᠳᠤ ᠵᠣᠬᠢᠬᠤ ᠳᠠᠷᠤᠯᠲᠠ ᠪᠣᠯᠵᠤ ᠪᠠᠶᠢᠬᠤ ᠶᠢ ᠰᠡᠷᠭᠡᠭ ᠢᠶᠠᠷ ᠣᠯᠵᠤ | ᠬᠠᠷᠠᠬᠤ ᠬᠡᠷᠡᠭᠲᠡᠢ᠃ ᠪᠢᠳᠡ ᠡᠭᠦᠨ ᠤ ᠲᠤᠬᠠᠢ ᠨᠢᠭᠡᠨᠲᠡ ᠭᠦᠢᠴᠡᠳ ᠵᠢᠱᠢᠯᠲᠡ ᠬᠢᠵᠦ᠂ ᠡᠯ᠎ᠡ ᠵᠦᠢᠯ ᠤᠨ ᠲᠣᠬᠲᠠᠭᠠᠯᠳᠤ | ᠪᠤᠰᠤ ᠬᠦᠴᠦᠨ ᠵᠦᠢᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠡᠢ᠃ ᠮᠠᠨ ᠤ ᠤᠯᠤᠰ ᠤᠨ ᠬᠥᠭᠵᠢᠯᠲᠡ ᠶᠡᠷᠦ ᠠᠴᠠ | ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠠᠨ ᠳᠠᠪᠠᠭ᠋ᠤ ᠳᠤᠮᠳᠠ ᠤᠷᠤᠭᠰᠢᠯᠠᠵᠤ ᠢᠷᠡᠭᠰᠡᠨ ᠶᠤᠮ᠂ ᠪᠢᠳᠡ ᠢᠲᠡᠭᠡᠯ | ᠵᠣᠷᠢᠭ ᠢᠶᠠᠨ ᠪᠠᠲᠤᠳᠬᠠᠵᠤ᠂ ᠪᠦᠯᠬᠦᠮᠳᠡᠨ ᠲᠡᠮᠡᠴᠡᠵᠦ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ | ᠬᠢᠳᠡᠭ ᠯᠡ ᠶᠤᠮ ᠪᠣᠯ ᠯᠠᠪᠲᠠᠢ ᠠᠶᠤᠯ ᠲᠦᠭᠰᠢᠭᠦᠷᠢ ᠶᠢ ᠠᠵᠠ ᠲᠣᠭᠢᠶᠠᠯ ᠪᠣᠯᠭᠠᠨ ᠬᠤᠪᠢᠷᠠᠭᠤᠯᠵᠤ᠂ ᠳᠤᠮᠳᠠᠳᠤ | ᠤᠯᠤᠰ ᠤᠨ ᠠᠵᠤ ᠠᠬᠤᠢ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ ᠴᠢᠳᠠᠨ᠎ᠠ ᠭᠡᠵᠦ ᠬᠡᠯᠡᠪᠡ᠃ | ᠯᠢ ᠴᠢᠶᠠᠩ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠰᠢᠨ᠎ᠡ ᠬᠤᠪᠢᠷᠠᠯᠲᠠ ᠶᠢᠨ ᠡᠮᠦᠨ᠎ᠡ᠂ | ᠬᠤᠶᠠᠳᠤᠭᠠᠷ ᠤᠯᠠᠷᠢᠯ ᠪᠣᠯᠣᠨ ᠲᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠨᠠᠩ | ᠴᠢᠬᠤᠯᠠ ᠶᠤᠮ᠂ ᠡᠯ᠎ᠡ ᠵᠦᠢᠯ ᠤᠨ ᠠᠵᠢᠯ ᠳᠤ ᠴᠥᠮ ᠦᠷᠭᠦᠯᠵᠢᠯᠡᠨ ᠬᠦᠴᠦᠯᠡᠵᠦ᠂ ᠨᠠᠩ ᠬᠦᠴᠦᠯᠡᠬᠦ ᠬᠡᠷᠡᠭᠲᠡᠢ᠃ ᠨᠡᠩ | ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠨᠢᠭᠡᠨᠲᠡ | ᠲᠣᠭᠲᠠᠭᠠᠭᠰᠠᠨ ᠲᠦᠷᠦ ᠶᠢᠨ ᠪᠣᠳᠣᠯᠭ᠎ᠠ ᠶᠢ ᠳᠠᠷᠤᠢ ᠲᠦᠷᠭᠡᠨ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠵᠤ᠂ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ ᠰᠢᠨ᠎ᠡ ᠨᠡᠮᠡᠭᠳᠡᠯ ᠤᠨ ᠲᠦᠷᠦ ᠶᠢᠨ ᠪᠣᠳᠣᠯᠭ᠎ᠠ ᠶᠢ | ᠴᠠᠭ ᠲᠤᠬᠠᠢ ᠳᠤᠨᠢ ᠲᠣᠭᠲᠠᠭᠠᠵᠤ᠂ ᠬᠦᠴᠦᠲᠡᠢ ᠪᠦᠲᠦᠮᠵᠢᠲᠡᠢ ᠲᠦᠷᠦ ᠶᠢᠨ ᠪᠣᠳᠣᠯᠭ᠎ᠠ ᠪᠠᠷ ᠭᠠᠳᠠᠭᠠᠳᠤ ᠣᠷᠴᠢᠨ ᠤ | ᠲᠣᠬᠲᠠᠭᠠᠯᠳᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠣᠷᠳᠣ ᠬᠤᠭᠤᠴᠠᠭᠠᠨ ᠤ | ᠪᠠᠶᠢᠯᠳᠤᠬᠤ ᠪᠣᠳᠣᠯᠭ᠎ᠠ ᠪᠤᠯᠭᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ | ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠰᠠᠶᠢᠲᠤᠷ | ᠠᠳᠬᠤᠬᠤ ᠶᠢᠨ ᠵᠡᠷᠭᠡ ᠪᠠᠷ ᠦᠢᠯᠡᠴᠢᠯᠡᠭᠡᠨ ᠤ ᠬᠡᠷᠡᠭᠯᠡᠭᠡᠨ ᠤ ᠳᠠᠯᠳᠠ ᠬᠦᠴᠦᠨ ᠢ ᠲᠦᠷᠭᠡᠳᠬᠡᠨ ᠪᠠᠳᠠᠷᠠᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠠᠭᠤᠰᠤᠯᠴᠠᠨ | ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠢ ᠬᠠᠩᠭᠠᠯᠭ᠎ᠠ ᠪᠠᠷ ᠬᠡᠷᠡᠭᠴᠡᠭᠡ ᠶᠢ ᠬᠥᠲᠥᠯᠥᠨ ᠳᠠᠭᠠᠭᠤᠯᠵᠤ᠂ ᠬᠡᠷᠡᠭᠴᠡᠭᠡ ᠶᠢ | ᠡᠭᠦᠳᠬᠦ ᠬᠡᠷᠡᠭᠲᠡᠢ᠃ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ | ᠬᠥᠭᠵᠢᠭᠡᠵᠦ᠂ ᠡᠯ᠎ᠡ ᠵᠦᠢᠯ ᠤᠨ ᠳᠡᠮᠵᠢᠯᠭᠡ ᠶᠢᠨ ᠴᠢᠨᠠᠷᠲᠠᠢ ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ | ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠬᠦᠴᠦᠯᠡᠨ ᠵᠢᠷᠤᠮᠵᠢᠭᠤᠯᠵᠤ᠂ ᠲᠠᠩᠰᠠᠨ ᠳᠤ | ᠥᠷᠢᠲᠦᠭᠰᠡᠨ ᠵᠣᠭᠤᠰ᠂ ᠪᠡᠯᠡ ᠬᠤᠷᠠᠮᠳᠤᠭᠤᠯᠬᠤ ᠳᠤ ᠬᠦᠴᠢᠷ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠵᠡᠷᠭᠡ | ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠠᠵᠤ ᠠᠬᠤᠶᠢᠯᠠᠯ ᠢ ᠦᠨᠡᠨ ᠪᠣᠳᠠᠲᠠᠢ ᠪᠠᠷ ᠬᠠᠪᠰᠤᠷᠤᠨ | ᠬᠥᠭᠵᠢᠯᠲᠡ ᠶᠢᠨ ᠳᠤᠮᠳᠠᠬᠢ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠳᠤ ᠨᠠᠩ ᠰᠠᠶᠢᠨ | ᠬᠥᠭᠵᠢᠯᠲᠡ ᠶᠢᠨ ᠣᠷᠴᠢᠨ ᠲᠣᠭᠤᠷᠢᠨ ᠪᠠ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ | ᠬᠡᠷᠡᠭᠲᠡᠢ ᠭᠡᠵᠦ ᠴᠢᠬᠤᠯᠠᠴᠢᠯᠠᠪᠠ᠃ | ᠯᠢ ᠴᠢᠶᠠᠩ᠂ ᠥᠷᠭᠡᠨ ᠤᠯᠠᠨ ᠠᠵᠤ ᠠᠬᠤᠶᠢᠯᠠᠯᠲᠠᠨ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ | ᠢᠳᠡᠪᠬᠢᠲᠡᠢ ᠪᠠᠷ ᠪᠠᠶᠢᠳᠠᠯ ᠢ ᠠᠷᠭᠠᠴᠠᠭᠠᠨ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠢᠶᠠᠨ ᠬᠦᠴᠦᠷᠬᠡᠭᠵᠢᠭᠦᠯᠦᠨ | ᠰᠢᠯᠢᠳᠡᠭᠵᠢᠭᠦᠯᠵᠦ ᠪᠤᠵᠠᠭᠠᠶᠢᠷᠠᠭᠤᠯᠤᠨ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠢᠯᠡᠭᠦᠬᠡᠨ ᠬᠤᠪᠢ ᠨᠡᠮᠡᠷᠢ | ᠦᠵᠡᠭᠦᠯᠭᠦ ᠶᠢ ᠬᠦᠰᠡᠪᠡ᠃ ᠲᠤᠰᠬᠠᠢ ᠮᠡᠷᠭᠡᠵᠢᠯᠲᠡᠨ ᠡᠷᠳᠡᠮᠲᠡᠳ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ | ᠂ ᠠᠵᠤ ᠠᠬᠤᠢ ᠶᠢᠨ ᠡᠷᠭᠢᠯᠲᠡ ᠳᠤᠮᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠤᠨ ᠲᠣᠭᠤᠷᠢᠨ ᠳᠤ ᠪᠠᠷᠠᠯᠠᠯᠳᠤ ᠴᠢᠨᠠᠷᠲᠠᠢ᠂ | ᠪᠦᠲᠦᠭᠡᠯᠴᠢ ᠴᠢᠨᠠᠷᠲᠠᠢ ᠰᠠᠨᠠᠯ ᠢ ᠢᠯᠡᠭᠦᠬᠡᠨ ᠳᠤᠷᠠᠳᠬᠤ ᠶᠢ ᠬᠦᠰᠡᠪᠡ᠃ | ᠦ᠋ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠵᠠᠢ᠃ |